ᠲᠦᠩᠯᠢᠶᠣᠣ ᠬᠤᠲᠠ ᠶᠢᠨ ᠳᠡᠳ᠋ ᠳᠠᠷᠤᠭ᠎ᠠ ᠯᠢᠦᠢ ᠭᠦᠸᠧ ᠬᠤᠸᠠ ᠬᠠᠮᠲᠤ ᠶᠠᠪᠣᠭᠰᠠᠳ ᠲᠠᠢ ᠪᠠᠨ ᠴᠢᠪᠠᠭᠠᠲᠤ ᠰᠤᠮᠤᠨ ᠳᠤ ᠭᠦᠨᠵᠡᠭᠡᠶᠢᠷᠡᠨ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/3/27
    3 ᠰᠠᠷ᠎ᠠ ᠶᠢᠨ 25 ᠤ ᠡᠳᠦᠷ᠂ ᠲᠦᠩᠯᠢᠶᠣᠣ ᠬᠤᠲᠠ ᠶᠢᠨ ᠳᠡᠳ᠋ ᠳᠠᠷᠤᠭ᠎ᠠ ᠯᠢᠦᠢ ᠭᠦᠸᠧ ᠬᠤᠸᠠ ᠬᠠᠮᠲᠤ ᠶᠠᠪᠣᠭᠰᠠᠳ ᠲᠠᠢ ᠪᠠᠨ ᠴᠢᠪᠠᠭᠠᠲᠤ ᠰᠤᠮᠤᠨ ᠳᠤ ᠭᠦᠨᠵᠡᠭᠡᠶᠢᠷᠡᠨ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠂ ᠬᠤᠰᠢᠭᠤᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠰᠤᠮᠤᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ᠂ ᠬᠠᠮᠢᠶ᠎ᠠ ᠪᠦᠬᠦᠢ ᠬᠠᠷᠢᠭᠤᠴᠠᠯᠭᠠᠲᠠᠨ ᠤᠳᠤᠷᠢᠳᠤᠯᠭ᠎ᠠ ᠪᠠᠷ᠎ᠠ ᠪᠣᠯᠪᠠ᠃     ᠯᠢᠦᠢ ᠭᠦᠸᠧ ᠬᠤᠸᠠ ᠬᠠᠮᠲᠤ ᠶᠠᠪᠣᠭᠰᠠᠳ ᠲᠠᠢ ᠪᠠᠨ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠨᠡᠪᠲᠡᠷᠡᠯᠴᠡᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠨ ᠨᠠᠷᠢᠨ ᠭᠠᠴᠠᠭ᠎ᠠ ᠶᠢᠨ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠠᠬᠤᠢ ᠲᠠᠯᠠᠪᠠᠢ ᠳᠤ ᠭᠦᠨᠵᠡᠭᠡᠶᠢᠷᠡᠵᠦ᠂ ᠰᠤᠮᠤᠨ ᠤ ᠣᠳᠣᠬᠠᠨ ᠤ ᠡᠯᠡᠰᠦᠷᠬᠡᠭ ᠭᠠᠵᠠᠷ ᠢ ᠵᠠᠰᠠᠵᠤ ᠬᠡᠷᠡᠭᠵᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠵᠠᠰᠠᠵᠤ ᠪᠠᠶᠢᠭ᠎ᠠ ᠠᠷᠭ᠎ᠠ ᠬᠡᠮᠵᠢᠶ᠎ᠡ ᠶᠢᠨ ᠲᠤᠬᠠᠢ ᠵᠢᠯᠤᠭᠤᠳᠬᠤ ᠴᠢᠨᠠᠷᠲᠠᠢ ᠰᠠᠨᠠᠯ ᠰᠠᠨᠠᠭᠤᠯᠭ᠎ᠠ ᠪᠠ ᠪᠣᠳᠠᠲᠠᠢ ᠱᠠᠭᠠᠷᠳᠠᠯᠭ᠎ᠠ ᠳᠤᠷᠠᠳᠪᠠ᠃     ᠯᠢᠦᠢ ᠭᠦᠸᠧ ᠬᠤᠸᠠ ᠴᠢᠬᠤᠯᠠᠴᠢᠯᠠᠭᠰᠠᠨ ᠨᠢ᠂ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠪᠣᠯ‌ᠭᠠᠵᠠᠷ ᠰᠢᠷᠣᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠ ᠰᠠᠭᠤᠷᠢ ᠮᠥᠨ᠂ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠲᠤᠶᠢᠯ ᠤᠨ ᠴᠢᠬᠤᠯᠠ ᠪᠠᠶᠢᠳᠠᠭ ᠂ ᠬᠠᠮᠢᠶ᠎ᠠ ᠪᠦᠬᠦᠢ ᠬᠥᠮᠥᠰ ᠦᠵᠡᠯ ᠰᠠᠨᠠᠭᠠᠨ ᠤ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠪᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠨ ᠲᠡᠭᠦᠯᠳᠡᠷᠵᠢᠭᠦᠯᠵᠦ᠂ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠡᠭᠦᠷᠭᠡ ᠪᠠᠨ ᠥᠨᠳᠥᠷ ᠪᠠᠷᠢᠮᠵᠢᠶ᠎ᠠ ᠪᠠᠷ ᠰᠠᠶᠢᠲᠤᠷ ᠪᠡᠶᠡᠯᠡᠭᠦᠯᠵᠦ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ ᠢ ᠬᠠᠮᠲᠤᠪᠠᠷ ᠭᠥᠷᠳᠡᠬᠦ ᠶᠢ ᠴᠢᠷᠮᠠᠶᠢᠨ ᠪᠡᠶᠡᠯᠡᠭᠦᠯᠵᠦ᠂ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠬᠦ ᠲᠡᠶᠢᠨ ᠤ ᠢᠯᠠᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号