ᠶᠡᠷᠦᠩᠬᠡᠢ ᠱᠦᠵᠢ ᠰᠢ ᠶᠢᠨ ᠫᠢᠩ ᠤᠨ ᠬᠤᠣᠷᠲᠤ ᠡᠳ᠋ ᠢ ᠴᠠᠭᠠᠵᠠᠯᠠᠬᠤ ᠠᠵᠢᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠵᠠᠯᠠᠭᠤᠴᠤᠳ ᠪᠠᠭᠠᠴᠤᠳ ᠤᠨ ᠬᠤᠣᠷᠲᠤ ᠡᠳ᠋ ᠢ ᠰᠡᠷᠭᠡᠶᠢᠯᠡᠬᠦ ᠬᠥᠮᠦᠵᠢᠯ ᠤᠨ ᠠᠵᠢᠯ ᠢ ᠤᠯᠠᠮ ᠨᠢᠭᠡ ᠠᠯᠬᠤᠮ | ᠰᠠᠶᠢᠲᠤᠷ ᠬᠢᠵᠦ᠂ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠮᠠᠲ᠋ᠧᠷᠢᠶᠠᠯ ᠤᠨ | ᠪᠠᠷᠢᠮᠵᠢᠶᠠᠵᠢᠭᠤᠯᠤᠯᠲᠠ᠂ ᠲᠣᠭᠠᠵᠢᠭᠤᠯᠤᠭᠰᠠᠨ ᠡᠬᠢ ᠪᠠᠶᠠᠯᠢᠭ ᠤᠨ ᠳᠣᠭᠲᠠᠯᠴᠠᠭᠠᠨ ᠤ ᠪᠠᠶᠢᠭᠤᠯᠤᠯᠲᠠ ᠶᠢ | ᠠᠬᠢᠭᠤᠯᠬᠤ ᠶᠢᠨ ᠲᠥᠯᠥᠭᠡ᠂ ᠤᠯᠤᠰ ᠤᠨ ᠬᠤᠣᠷᠲᠤ ᠡᠳ᠋ ᠢ ᠴᠠᠭᠠᠵᠠᠯᠠᠬᠤ ᠠᠵᠢᠯ ᠤᠨ ᠠᠯᠪᠠᠨ ᠭᠡᠷ ᠤᠨ ︽ᠪᠦᠬᠦ | ᠤᠯᠤᠰ ᠤᠨ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠪᠠᠷᠢᠮᠵᠢᠶᠠᠵᠢᠭᠤᠯᠤᠭᠰᠠᠨ ᠮᠠᠲ᠋ᠧᠷᠢᠶᠠᠯ ᠢ | ᠰᠣᠩᠭᠤᠬᠤ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ︾ ᠶᠣᠰᠣᠭᠠᠷ᠂ ᠡᠨᠡ ᠡᠳᠦᠷ ᠠᠴᠠ ᠡᠬᠢᠯᠡᠨ 4 | ᠰᠠᠷ᠎ᠠ ᠶᠢᠨ ᠡᠬᠢ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠥᠪᠡᠷᠲᠡᠭᠡᠨ | ᠵᠠᠰᠠᠬᠤ ᠣᠷᠣᠨ ᠤ ᠬᠤᠣᠷᠲᠤ ᠡᠳ᠋ ᠢ ᠴᠠᠭᠠᠵᠠᠯᠠᠬᠤ ᠠᠯᠪᠠᠨ ᠭᠡᠷ ᠲᠠᠢ ᠬᠠᠮᠲᠤᠷᠠᠨ ᠪᠦᠬᠦ ᠣᠷᠣᠨ ᠤ ᠬᠤᠣᠷᠲᠤ | ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠬᠢᠴᠢᠶᠡᠯ ᠤᠨ ᠫᠷᠣᠭ᠍ᠷᠠᠮ ᠢ ᠴᠤᠭᠯᠠᠭᠤᠯᠵᠤ ᠰᠢᠯᠭᠠᠷᠠᠭᠤᠯᠬᠤ | ᠠᠵᠢᠯᠯᠠᠭ᠎ᠠ ᠶᠢ ᠥᠷᠨᠢᠭᠦᠯᠵᠦ᠂ ᠨᠢᠭᠡ ᠪᠦᠯᠦᠭ ᠬᠡᠷᠡᠭᠯᠡᠬᠦ ᠬᠡᠪᠴᠢᠶ᠎ᠡ ᠥᠷᠭᠡᠨ᠂ ᠨᠠᠶᠢᠷᠠᠭᠤᠯᠤᠨ ᠦᠢᠯᠡᠳᠬᠦ | ᠲᠦᠪᠰᠢᠨ ᠥᠨᠳᠥᠷ᠂ ᠪᠣᠳᠠᠲᠠᠢ ᠬᠡᠷᠡᠭᠯᠡᠬᠦ ᠦᠷ᠎ᠡ ᠪᠦᠲᠦᠮᠵᠢ ᠰᠠᠶᠢᠨ ᠬᠤᠣᠷᠲᠤ ᠡᠳ᠋ ᠢ ᠴᠠᠭᠠᠵᠠᠯᠠᠬᠤ | ᠬᠥᠮᠦᠵᠢᠯ ᠤᠨ ᠬᠢᠴᠢᠶᠡᠯ ᠢ ᠰᠢᠯᠭᠠᠷᠠᠭᠤᠯᠤᠨ᠂ ᠪᠦᠬᠦ ᠣᠷᠣᠨ ᠤ ᠬᠡᠪᠴᠢᠶᠡᠨ ᠳᠤ ᠬᠡᠷᠡᠭᠯᠡᠬᠦ ᠶᠢᠨ ᠬᠠᠮᠲᠤ | ᠰᠢᠯᠢᠳᠡᠭ ᠢ ᠰᠣᠩᠭᠤᠨ ᠤᠯᠤᠰ ᠤᠨ ᠬᠤᠣᠷᠲᠤ ᠡᠳ᠋ ᠢ ᠴᠠᠭᠠᠵᠠᠯᠠᠬᠤ ᠠᠯᠪᠠᠨ ᠭᠡᠷ ᠲᠤ ᠪᠠᠲᠤᠯᠠᠨ ᠲᠠᠨᠢᠯᠴᠠᠭᠤᠯᠤᠨ᠎ᠠ | ᠃ | ᠨᠢᠭᠡ᠂ ᠰᠢᠯᠭᠠᠷᠠᠭᠤᠯᠤᠯᠲᠠ ᠳᠤ ᠣᠷᠣᠯᠴᠠᠬᠤ ᠳᠤᠭᠤᠶᠢᠯᠠᠩ ᠪᠠ ᠡᠲᠡᠭᠡᠳ | ᠬᠢᠴᠢᠶᠡᠯ ᠤᠨ ᠫᠷᠣᠭ᠍ᠷᠠᠮ ᠢ ︽ᠪᠠᠭ᠎ᠠ ᠰᠤᠷᠭᠠᠭᠤᠯᠢ ᠶᠢᠨ ᠳᠤᠭᠤᠶᠢᠯᠠᠩ᠂ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠳᠤᠭᠤᠶᠢᠯᠠᠩ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ᠂ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠳᠤᠭᠤᠶᠢᠯᠠᠩ᠂ ᠶᠡᠭᠡ ᠳᠡᠭᠡᠳᠦ ᠰᠤᠷᠭᠠᠭᠤᠯᠢ ᠶᠢᠨ ᠳᠤᠭᠤᠶᠢᠯᠠᠩ᠂ | ᠨᠡᠶᠢᠭᠡᠮ ᠤᠨ ᠳᠤᠭᠤᠶᠢᠯᠠᠩ︾ ᠭᠡᠵᠦ ᠵᠢᠷᠭᠤᠭᠠᠨ ᠳᠤᠭᠤᠶᠢᠯᠠᠩ ᠶᠣᠰᠣᠭᠠᠷ ᠮᠡᠳᠡᠭᠦᠯᠬᠦ ᠪᠠ ᠰᠢᠯᠭᠠᠷᠠᠭᠤᠯᠵᠤ᠂ | ᠠᠳᠠᠯᠢ ᠪᠤᠰᠤ ᠰᠤᠷᠭᠠᠭᠤᠯᠢ ᠶᠢᠨ ᠨᠠᠰᠤᠨ ᠤ ᠰᠤᠷᠤᠭᠴᠢᠳ ᠲᠤ ᠬᠠᠨᠳᠤᠭᠤᠯᠤᠭᠰᠠᠨ ᠲᠤᠰᠬᠠᠢ ᠰᠡᠳᠦᠪᠲᠦ | ᠬᠢᠴᠢᠶᠡᠯ ᠤᠨ ᠫᠷᠣᠭ᠍ᠷᠠᠮ ᠪᠣᠯᠬᠤ ᠪᠥᠭᠡᠳ ᠪᠠᠰᠠ ᠣᠯᠠᠨ ᠨᠡᠶᠢᠲᠡ ᠳᠤ ᠬᠠᠨᠳᠤᠭᠤᠯᠤᠭᠰᠠᠨ ᠨᠡᠶᠢᠳᠡᠮ ᠬᠡᠷᠡᠭᠯᠡᠬᠦ | ᠬᠢᠴᠢᠶᠡᠯ ᠤᠨ ᠫᠷᠣᠭ᠍ᠷᠠᠮ ᠪᠣᠯᠤᠨ᠎ᠠ᠃ ᠰᠢᠯᠭᠠᠷᠠᠭᠤᠯᠤᠯᠲᠠ ᠳᠤ ᠣᠷᠣᠯᠴᠠᠬᠤ ᠡᠲᠡᠭᠡᠳ ᠪᠣᠯ ᠰᠤᠷᠭᠠᠭᠤᠯᠢ ᠳᠤ | ᠪᠠᠶᠢᠭ᠎ᠠ ᠰᠤᠷᠤᠭᠴᠢ᠂ ᠬᠤᠣᠷᠲᠤ ᠡᠳ᠋ ᠢ ᠴᠠᠭᠠᠵᠠᠯᠠᠬᠤ ᠲᠤᠰᠬᠠᠢ ᠪᠠ ᠲᠤᠰᠢᠶᠠᠯ ᠬᠠᠪᠰᠤᠷᠭᠠᠭᠰᠠᠨ ᠪᠠᠭᠰᠢ᠂ | ᠬᠤᠣᠷᠲᠤ ᠡᠳ᠋ ᠢ ᠴᠠᠭᠠᠵᠠᠯᠠᠬᠤ ᠠᠵᠢᠯᠲᠠᠨ ᠂ ᠬᠤᠣᠷᠲᠤ ᠡᠳ᠋ ᠢ ᠴᠠᠭᠠᠵᠠᠯᠠᠬᠤ ᠰᠠᠶᠢᠨ ᠳᠤᠷᠠᠴᠤᠤᠯ ᠪᠠ ᠬᠤᠣᠷᠲᠤ | ᠡᠳ᠋ ᠢ ᠴᠠᠭᠠᠵᠠᠯᠠᠬᠤ ᠨᠡᠶᠢᠲᠡ ᠶᠢᠨ ᠠᠰᠠᠷᠠᠮᠵᠢ ᠶᠢᠨ ᠠᠵᠢᠯᠲᠠᠨ ᠪᠣᠯᠤᠨ᠎ᠠ᠃ | ᠬᠤᠶᠠᠷ᠂ ᠮᠡᠳᠡᠭᠦᠯᠬᠦ ᠱᠠᠭᠠᠷᠳᠠᠯᠭ᠎ᠠ | ︵ᠨᠢᠭᠡ︶ ᠮᠡᠳᠡᠭᠦᠯᠬᠦ ᠬᠢᠴᠢᠶᠡᠯ ᠤᠨ ᠫᠷᠣᠭ᠍ᠷᠠᠮ ᠨᠢ ᠤᠯᠤᠰ ᠤᠨ ᠬᠤᠯᠪᠣᠭᠳᠠᠯ ᠪᠦᠬᠦᠢ ᠬᠠᠤᠯᠢ | ᠴᠠᠭᠠᠵᠠ ᠬᠠᠤᠯᠢ ᠳᠦᠷᠢᠮ ᠪᠣᠯᠤᠨ ᠰᠤᠷᠭᠠᠨ ᠬᠥᠮᠦᠵᠢᠯ ᠤᠨ ᠲᠥᠷᠥ ᠶᠢᠨ ᠪᠣᠳᠣᠯᠭ᠎ᠠ ᠳᠤ ᠨᠡᠶᠢᠴᠡᠵᠦ᠂ | ᠰᠤᠷᠭᠠᠨ ᠬᠥᠮᠦᠵᠢᠯ ᠤᠨ ᠵᠢᠮ᠎ᠡ ᠶᠣᠰᠣ ᠶᠢ ᠵᠢᠷᠤᠮᠯᠠᠨ᠂ ᠠᠳᠠᠯᠢ ᠪᠤᠰᠤ ᠨᠠᠰᠤᠨ ᠤ ᠵᠠᠯᠠᠭᠤᠴᠤᠳ ᠪᠠᠭᠠᠴᠤᠳ ᠤᠨ | ᠪᠡᠶ᠎ᠡ ᠰᠡᠳᠬᠢᠯ ᠤᠨ ᠪᠤᠶᠢᠵᠢᠯᠲᠠ ᠶᠢᠨ ᠣᠨᠴᠠᠯᠢᠭ ᠪᠣᠯᠤᠨ ᠰᠤᠷᠤᠯᠴᠠᠯᠭ᠎ᠠ ᠶᠢᠨ ᠣᠨᠴᠠᠯᠢᠭ ᠲᠤ ᠨᠡᠶᠢᠴᠡᠭᠰᠡᠨ | ᠪᠠᠶᠢᠬᠤ ᠬᠡᠷᠡᠭᠲᠡᠢ︔ ᠬᠤᠣᠷᠲᠤ ᠡᠳ᠋ ᠢ ᠴᠠᠭᠠᠵᠠᠯᠠᠬᠤ ᠠᠵᠢᠯ ᠤᠨ ᠪᠣᠳᠠᠲᠤ ᠱᠠᠭᠠᠷᠳᠠᠯᠭ᠎ᠠ ᠳᠤ ᠨᠡᠶᠢᠴᠡᠵᠦ᠂ ᠣᠨᠣᠯ | ᠰᠢᠨᠵᠢᠯᠡᠬᠦ ᠤᠬᠠᠭᠠᠨᠴᠢ᠂ ᠵᠢᠷᠤᠭ ᠲᠥᠯᠥᠪᠯᠡᠭᠡ ᠴᠢᠩᠭ᠎ᠠ ᠨᠢᠮᠪᠠᠢ᠂ ᠪᠦᠲᠦᠴᠡ ᠵᠦᠢ ᠵᠣᠬᠢᠰᠲᠠᠢ᠂ ᠦᠰᠦᠭ | ᠪᠢᠴᠢᠭ ᠨᠠᠷᠢᠯᠢᠭ ᠪᠣᠯᠪᠠᠰᠤᠷᠠᠩᠭᠤᠢ᠂ ᠨᠡᠯᠢᠶᠡᠳ ᠥᠷᠭᠡᠨ ᠳᠡᠯᠭᠡᠷ ᠬᠡᠷᠡᠭᠯᠡᠭᠡᠨ ᠤ ᠴᠢᠨᠠᠷ ᠲᠠᠢ ᠪᠠᠶᠢᠬᠤ ᠬᠡᠷᠡᠭᠲᠡᠢ᠃ | | ︵ᠬᠤᠶᠠᠷ︶ ᠮᠡᠳᠡᠭᠦᠯᠬᠦ ᠬᠢᠴᠢᠶᠡᠯ ᠤᠨ ᠫᠷᠣᠭ᠍ᠷᠠᠮ ᠨᠢ ᠤᠯᠤᠰ ᠤᠨ ᠳᠣᠲᠣᠭᠠᠳᠤ ᠭᠠᠳᠠᠭᠠᠳᠤ ᠶᠢᠨ | ᠠᠳᠠᠯᠢ ᠲᠥᠷᠥᠯ ᠤᠨ ᠮᠠᠲ᠋ᠧᠷᠢᠶᠠᠯ ᠤᠨ ᠰᠢᠯᠢᠳᠡᠭ ᠦᠷ᠎ᠡ ᠪᠦᠲᠦᠭᠡᠯ ᠢ ᠪᠦᠲᠦᠮᠵᠢᠲᠡᠢ ᠰᠢᠩᠭᠡᠭᠡᠵᠦ᠂ ᠬᠤᠣᠷᠲᠤ | ᠡᠳ᠋ ᠢ ᠴᠠᠭᠠᠵᠠᠯᠠᠬᠤ ᠬᠦᠷᠢᠶᠡᠨ ᠳᠠᠬᠢ ᠮᠢᠨᠴᠦᠷᠡᠭᠦᠯᠬᠦ ᠡᠮ ᠤᠨ ᠵᠦᠢᠯ᠂ ᠡᠮᠲᠦ ᠪᠣᠳᠠᠰ᠂ ᠰᠢᠨ᠎ᠡ ᠣᠶᠤᠨ | ᠰᠠᠨᠠᠭ᠎ᠠ ᠶᠢ ᠬᠥᠭᠡᠷᠦᠭᠦᠯᠬᠦ ᠪᠣᠳᠠᠰ ᠵᠢᠴᠢ ᠰᠢᠨᠤᠭᠤᠯᠬᠤ ᠪᠣᠳᠠᠰ ᠢ ᠳᠤᠷ᠎ᠠ ᠪᠠᠷ ᠢᠶᠠᠨ ᠬᠡᠷᠡᠭᠯᠡᠬᠦ ᠶᠢ ᠰᠡᠷᠭᠡᠶᠢᠯᠡᠬᠦ | ᠵᠡᠷᠭᠡ ᠰᠢᠨ᠎ᠡ ᠮᠡᠳᠡᠯᠭᠡ ᠶᠢ ᠲᠤᠰᠬᠠᠵᠤ᠂ ᠬᠤᠣᠷᠲᠤ ᠡᠳ᠋ ᠢ ᠴᠠᠭᠠᠵᠠᠯᠠᠬᠤ ᠪᠠᠭᠰᠢ ᠶᠢᠨ ᠬᠢᠷᠢ ᠬᠡᠮ ᠢ ᠵᠢᠱᠢᠶ᠎ᠡ | ᠦᠵᠡᠭᠦᠯᠦᠨ ᠬᠥᠲᠥᠯᠥᠨ ᠵᠢᠯᠣᠭᠤᠳᠴᠤ᠂ ᠰᠤᠷᠭᠠᠨ ᠬᠥᠮᠦᠵᠢᠯ ᠤᠨ ᠦᠷ᠎ᠡ ᠪᠦᠲᠦᠮᠵᠢ ᠶᠢ ᠪᠦᠲᠦᠮᠵᠢᠲᠡᠢ | ᠳᠡᠭᠡᠭᠰᠢᠯᠡᠭᠦᠯᠬᠦ ᠬᠡᠷᠡᠭᠲᠡᠢ᠃ | ︵ᠭᠤᠷᠪᠠ︶ ᠮᠡᠳᠡᠭᠦᠯᠬᠦ ᠬᠢᠴᠢᠶᠡᠯ ᠤᠨ ᠫᠷᠣᠭ᠍ᠷᠠᠮ ᠨᠢ ᠤᠭ ᠪᠦᠲᠦᠭᠡᠯ ᠪᠣᠯᠬᠤ ᠮᠥᠷᠲᠡᠭᠡᠨ | ᠵᠢᠩᠬᠢᠨᠢ ᠪᠠᠷ ᠬᠡᠪᠯᠡᠭᠦᠯᠦᠭᠰᠡᠨ ᠦᠭᠡᠢ ᠪᠠᠶᠢᠬᠤ ᠬᠡᠷᠡᠭᠲᠡᠢ᠃ ᠮᠡᠳᠡᠯᠭᠡ ᠶᠢᠨ ᠬᠡᠪᠯᠡᠯ ᠤᠨ ᠡᠷᠬᠡ ᠳᠤ ᠬᠠᠯᠳᠠᠭᠰᠠᠨ | ᠪᠤᠶᠤ ᠬᠠᠭᠤᠯᠤᠭᠰᠠᠨ ᠠᠰᠠᠭᠤᠳᠠᠯ ᠳᠤ ᠬᠤᠯᠪᠣᠭᠳᠠᠭᠰᠠᠨ ᠪᠥᠲᠦᠭᠡᠯ ᠪᠣᠯᠬᠤ ᠳᠤ ᠬᠦᠷᠪᠡᠯ ᠣᠷᠣᠯᠴᠠᠭᠰᠠᠨ ᠬᠤᠪᠢ | ᠬᠥᠮᠦᠨ ᠪᠦᠬᠦ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ ᠤᠷᠤᠯᠳᠤᠭᠠᠨ ᠳᠤ | ᠣᠷᠣᠯᠴᠠᠬᠤ ᠬᠢᠷᠢ ᠭᠡᠮ ᠢ ᠬᠠᠰᠤᠨ᠎ᠠ᠃ | ︵ᠲᠦᠷᠪᠡ︶ ᠴᠤᠭᠯᠠᠭᠤᠯᠵᠤ ᠰᠢᠯᠭᠠᠷᠠᠭᠤᠯᠬᠤ ᠳᠤ ᠣᠷᠣᠯᠴᠠᠭᠰᠠᠨ ᠪᠦᠲᠦᠭᠡᠯ ᠢ | ᠰᠢᠯᠭᠠᠷᠠᠭᠤᠯᠬᠤ ᠶᠠᠪᠤᠴᠠ ᠳᠤ ᠪᠠ ᠳᠠᠭᠤᠰᠤᠭᠰᠠᠨ ᠤ ᠳᠠᠷᠠᠭ᠎ᠠ ᠠᠵᠢᠯᠯᠠᠭ᠎ᠠ ᠶᠢ ᠭᠤᠣᠯ ᠡᠷᠬᠢᠯᠡᠭᠰᠡᠨ ᠨᠢᠭᠡᠴᠢ ᠳᠤ | ᠲᠥᠯᠥᠪᠦᠷᠢ ᠦᠭᠡᠢ ᠬᠠᠩᠭᠠᠵᠤ᠂ ᠬᠤᠣᠷᠠᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠠᠵᠢᠯ ᠵᠢᠴᠢ | ᠬᠠᠮᠢᠶ᠎ᠠ ᠪᠦᠬᠦᠢ ᠵᠠᠭᠤᠴᠢᠯᠠᠭᠤᠷ ᠤᠨ ᠤᠬᠠᠭᠤᠯᠵᠤ ᠳᠡᠯᠭᠡᠨ ᠦᠵᠡᠭᠦᠯᠬᠦ ᠳᠤ ᠬᠡᠷᠡᠭᠯᠡᠨ᠂ ᠲᠤᠰ ᠠᠵᠢᠯᠯᠠᠭ᠎ᠠ ᠳᠤ | ᠣᠷᠣᠯᠴᠠᠪᠠᠯ ᠡᠨᠡ ᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠱᠠᠭᠠᠷᠳᠠᠯᠭ᠎ᠠ ᠶᠢ ᠵᠥᠪᠰᠢᠶᠡᠷᠡᠭᠰᠡᠨ ᠢᠶᠠᠷ ᠦᠵᠡᠨ᠎ᠡ | ᠃ | ︵ᠲᠠᠪᠤ︶ ᠬᠢᠴᠢᠶᠡᠯ ᠤᠨ ᠫᠷᠣᠭ᠍ᠷᠠᠮ ᠢ PPT ᠬᠡᠯᠪᠡᠷᠢ ᠪᠠᠷ ᠮᠡᠳᠡᠭᠦᠯᠦᠨ᠎ᠡ᠃ ᠢᠵᠢ ᠬᠢᠴᠢᠶᠡᠯ | ᠪᠦᠷᠢ ᠨᠢ ᠴᠥᠮ ︽ᠪᠦᠬᠦ ᠣᠷᠣᠨ ᠤ ᠬᠤᠣᠷᠠᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠬᠢᠴᠢᠶᠡᠯ ᠤᠨ | ᠮᠠᠲ᠋ᠧᠷᠢᠶᠠᠯ ᠢ ᠰᠢᠯᠭᠠᠷᠠᠭᠤᠯᠬᠤ ᠠᠵᠢᠯᠯᠠᠭ᠎ᠠ ᠶᠢ ᠪᠠᠲᠤᠯᠠᠨ ᠲᠠᠨᠢᠯᠴᠠᠭᠤᠯᠵᠤ ᠮᠡᠳᠡᠭᠦᠯᠬᠦ ᠬᠦᠰᠦᠨᠦᠭᠲᠦ︾ ᠶᠢ ᠲᠠᠭᠯᠠᠨ | ᠮᠡᠳᠡᠭᠦᠯᠬᠦ ᠬᠡᠷᠡᠭᠲᠡᠢ᠃ ᠲᠠᠨᠢᠯᠴᠠᠭᠤᠯᠵᠤ ᠮᠡᠳᠡᠭᠦᠯᠬᠦ ᠬᠢᠴᠢᠶᠡᠯ ᠤᠨ ᠫᠷᠣᠭ᠍ᠷᠠᠮ ᠨᠢ ︽ᠠᠶᠢᠮᠠᠭ ᠬᠤᠲᠠ + | ᠳᠤᠭᠤᠶᠢᠯᠠᠩ + ᠳᠠᠷᠠᠭᠠᠯᠠᠯ ᠨᠣᠮᠧᠷ︾ ᠢ ᠨᠢᠭᠡᠳᠦᠯᠲᠡᠢ ᠬᠡᠷᠡᠭᠯᠡᠨ᠎ᠡ᠂ ᠵᠢᠱᠢᠶᠡᠯᠡᠪᠡᠯ᠄ ︽ᠬᠥᠬᠡᠬᠤᠲᠠ + ᠪᠠᠭ᠎ᠠ | ᠰᠤᠷᠭᠠᠭᠤᠯᠢ + 1︾᠃ | ᠭᠤᠷᠪᠠ᠂ ᠠᠵᠢᠯᠯᠠᠭᠠᠨ ᠤ ᠳᠡᠰ ᠳᠠᠷᠠᠭᠠᠯᠠᠯ | ︵ᠨᠢᠭᠡ︶ ᠠᠶᠢᠮᠠᠭ ᠬᠤᠲᠠ ᠰᠢᠯᠭᠠᠷᠠᠭᠤᠯᠬᠤ᠄ 4 ᠳ᠋ᠦ᠋ᠭᠡᠷ ᠰᠠᠷ᠎ᠠ ᠶᠢᠨ 11 ᠤ ᠡᠳᠦᠷ ᠠᠴᠠ ᠡᠮᠦᠨ᠎ᠡ᠂ | ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ᠂ ᠬᠤᠣᠷᠠᠲᠤ ᠡᠳ᠋ ᠢ ᠴᠠᠭᠠᠵᠠᠯᠠᠬᠤ ᠰᠠᠯᠠᠭ᠎ᠠ | ᠮᠥᠴᠢᠷ ᠤᠨ ᠬᠢᠨ ᠬᠠᠮᠲᠤᠷᠠᠨ ᠲᠤᠰ ᠭᠠᠵᠠᠷ ᠤᠨ ᠬᠢᠴᠢᠶᠡᠯ ᠤᠨ ᠫᠷᠣᠭ᠍ᠷᠠᠮ ᠢ ᠰᠣᠩᠭᠤᠵᠤ᠂ ᠠᠶᠢᠮᠠᠭ ᠬᠤᠲᠠ ᠨᠢᠭᠡ | ᠪᠦᠷᠢ ᠶᠢᠨ ᠳᠤᠭᠤᠶᠢᠯᠠᠩ ᠪᠦᠷᠢ ᠬᠠᠮᠤᠭ ᠤᠨ ᠪᠠᠭ᠎ᠠ ᠳᠤ ᠪᠠᠨ 4 ᠬᠢᠴᠢᠶᠡᠯ ᠤᠨ ᠫᠷᠣᠭ᠍ᠷᠠᠮ ᠮᠡᠳᠡᠭᠦᠯᠬᠦ ᠬᠡᠷᠡᠭᠲᠡᠢ᠃ | ᠶᠡᠭᠡ ᠳᠡᠭᠡᠳᠦ ᠰᠤᠷᠭᠠᠭᠤᠯᠢ ᠶᠢᠨ ᠳᠤᠭᠤᠶᠢᠯᠠᠩ ᠢ ᠰᠤᠷᠭᠠᠭᠤᠯᠢ ᠨᠢ ᠠᠩᠬ᠎ᠠ ᠬᠢᠨᠠᠬᠤ ᠪᠠ ᠲᠠᠨᠢᠯᠴᠠᠭᠤᠯᠬᠤ ᠶᠢ | ᠬᠠᠷᠢᠭᠤᠴᠠᠬᠤ ᠮᠥᠷᠲᠡᠭᠡᠨ ᠬᠠᠮᠤᠭ ᠤᠨ ᠪᠠᠭ᠎ᠠ ᠳᠤ ᠪᠠᠨ 2 ᠬᠢᠴᠢᠶᠡᠯ ᠤᠨ ᠫᠷᠣᠭ᠍ᠷᠠᠮ ᠢ ᠮᠡᠳᠡᠭᠦᠯᠬᠦ ᠬᠡᠷᠡᠭᠲᠡᠢ᠃ | ᠮᠡᠳᠡᠭᠦᠯᠬᠦ ᠢᠮᠧᠯ᠄ 1721533035@qq.com᠃ ᠡᠯ᠎ᠡ ᠭᠠᠵᠠᠷ ᠤᠨ ᠡᠯ᠎ᠡ ᠶᠡᠭᠡ ᠳᠡᠭᠡᠳᠦ | ᠰᠤᠷᠭᠠᠭᠤᠯᠢ ᠰᠢᠯᠭᠠᠷᠠᠭᠤᠯᠬᠤ ᠳᠡᠰ ᠳᠠᠷᠠᠭᠠᠯᠠᠯ ᠢᠶᠠᠨ ᠵᠢᠷᠤᠮᠵᠢᠭᠤᠯᠵᠤ᠂ ᠴᠢᠨᠠᠷ ᠴᠢᠨᠰᠠᠭ᠎ᠠ ᠶᠢ ᠴᠢᠩᠭ᠎ᠠ ᠡᠵᠡᠮᠳᠡᠨ᠂ | ᠬᠢᠴᠢᠶᠡᠯ ᠤᠨ ᠠᠭᠤᠯᠭ᠎ᠠ ᠵᠥᠪ ᠣᠨᠣᠪᠴᠢᠲᠠᠢ ᠪᠠᠶᠢᠬᠤ ᠶᠢ ᠦᠨᠡᠨ ᠬᠦ ᠪᠠᠲᠤᠯᠠᠵᠤ᠂ ᠢᠯᠡ ᠲᠣᠳᠣ ᠪᠠᠶᠢᠬᠤ ᠶᠢ | ᠪᠠᠷᠢᠮᠲᠠᠯᠠᠨ᠂ ᠡᠷᠬᠡ ᠲᠡᠭᠰᠢ ᠲᠥᠪ ᠭᠤᠣᠯᠴᠢ ᠪᠠᠶᠢᠬᠤ ᠶᠢ ᠪᠠᠲᠤᠯᠠᠬᠤ ᠬᠡᠷᠡᠭᠲᠡᠢ᠃ | ︵ᠬᠤᠶᠠᠷ︶ ᠥᠪᠡᠷᠲᠡᠭᠡᠨ ᠵᠠᠰᠠᠬᠤ ᠣᠷᠣᠨ ᠰᠢᠯᠭᠠᠷᠠᠭᠤᠯᠬᠤ᠄ 4 ᠳ᠋ᠦ᠋ᠭᠡᠷ ᠰᠠᠷ᠎ᠠ ᠶᠢᠨ 21 ᠤ | ᠡᠳᠦᠷ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠥᠪᠡᠷᠲᠡᠭᠡᠨ | ᠵᠠᠰᠠᠬᠤ ᠣᠷᠣᠨ ᠤ ᠬᠤᠣᠷᠠᠲᠤ ᠡᠳ᠋ ᠢ ᠴᠠᠭᠠᠵᠠᠯᠠᠬᠤ ᠠᠵᠢᠯ ᠤᠨ ᠠᠯᠪᠠᠨ ᠭᠡᠷ ᠲᠠᠢ ᠬᠠᠮᠲᠤᠷᠠᠨ ᠬᠤᠣᠷᠠᠲᠤ | ᠡᠳ᠋ ᠢ ᠴᠠᠭᠠᠵᠠᠯᠠᠬᠤ ᠬᠦᠷᠢᠶᠡᠨ ᠳᠠᠬᠢ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠢ ᠤᠷᠢᠵᠤ ᠬᠢᠨᠠᠨ | ᠲᠣᠭᠲᠠᠭᠠᠬᠤ ᠳᠤᠭᠤᠶᠢᠯᠠᠩ ᠪᠠᠶᠢᠭᠤᠯᠵᠤ᠂ ᠱᠠᠭᠠᠷᠳᠠᠯᠭ᠎ᠠ ᠳᠤ ᠨᠡᠶᠢᠴᠡᠬᠦ ᠬᠢᠴᠢᠶᠡᠯ ᠤᠨ ᠫᠷᠣᠭ᠍ᠷᠠᠮ ᠢ ᠬᠢᠨᠠᠨ | ᠲᠣᠭᠲᠠᠭᠠᠵᠤ᠂ ᠱᠠᠩᠨᠠᠯ ᠣᠯᠬᠤ ᠬᠢᠴᠢᠶᠡᠯ ᠤᠨ ᠫᠷᠣᠭ᠍ᠷᠠᠮ ᠤᠨ ᠨᠡᠷᠡᠰ ᠢ ᠲᠣᠭᠲᠠᠭᠠᠨ᠂ ᠥᠪᠥᠷ ᠮᠣᠩᠭᠤᠯ ᠤᠨ | ᠰᠤᠷᠭᠠᠨ ᠬᠥᠮᠦᠵᠢᠯ ᠨᠡᠶᠢᠲᠡᠯᠡᠯ ᠪᠠ ᠥᠪᠥᠷ ᠮᠣᠩᠭᠤᠯ ᠤᠨ ᠬᠤᠣᠷᠠᠲᠤ ᠡᠳ᠋ ᠢ ᠴᠠᠭᠠᠵᠠᠯᠠᠬᠤ ᠸᠢᠴᠠᠲ ᠤᠨ | ᠨᠡᠶᠢᠲᠡ ᠶᠢᠨ ᠳ᠋ᠤᠭᠠᠷ ᠲᠤ ᠢᠯᠡ ᠨᠡᠶᠢᠲᠡᠯᠡᠨ᠎ᠡ᠃ | ︵ᠭᠤᠷᠪᠠ︶ ᠦᠷ᠎ᠡ ᠳ᠋ᠦᠩ ᠢ ᠢᠯᠡ ᠨᠡᠶᠢᠲᠡᠯᠡᠬᠦ᠄ ᠢᠯᠡ ᠨᠡᠶᠢᠲᠡᠯᠡᠭᠰᠡᠨ ᠦᠷ᠎ᠡ ᠳ᠋ᠦᠩ ᠳᠤ ᠰᠠᠨᠠᠯ | ᠦᠭᠡᠢ ᠪᠣᠯ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ | ᠣᠷᠣᠨ ᠤ ᠬᠤᠣᠷᠠᠲᠤ ᠡᠳ᠋ ᠢ ᠴᠠᠭᠠᠵᠠᠯᠠᠬᠤ ᠠᠵᠢᠯ ᠤᠨ ᠠᠯᠪᠠᠨ ᠭᠡᠷ ᠠᠴᠠ ᠵᠢᠩᠬᠢᠨᠢ ᠪᠠᠷ ᠮᠡᠳᠡᠭᠳᠡᠨ᠎ᠡ᠃ ᠲᠤᠰ | ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ 2024 ᠣᠨ ᠤ ᠪᠦᠬᠦ ᠣᠷᠣᠨ ᠤ ᠬᠤᠣᠷᠠᠲᠤ ᠡᠳ᠋ ᠢ ᠴᠠᠭᠠᠵᠠᠯᠠᠬᠤ | ᠤᠬᠠᠭᠤᠯᠭ᠎ᠠ ᠬᠥᠮᠦᠵᠢᠯ ᠤᠨ ᠠᠵᠢᠯ ᠢ ᠰᠢᠯᠭᠠᠨ ᠬᠢᠨᠠᠬᠤ ᠠᠭᠤᠯᠭ᠎ᠠ ᠳᠤ ᠣᠷᠣᠭᠤᠯᠤᠨ᠎ᠠ᠃ | ᠳᠥᠷᠪᠡ᠂ ᠱᠠᠩᠨᠠᠯ ᠤᠨ ᠲᠣᠬᠢᠷᠠᠭᠤᠯᠤᠯᠲᠠ | ᠡᠨᠡ ᠤᠳᠠᠭᠠᠨ ᠤ ᠠᠵᠢᠯᠯᠠᠭ᠎ᠠ ᠶᠢᠨ ᠳᠤᠭᠤᠶᠢᠯᠠᠩ ᠪᠦᠷᠢ ᠳᠤ ᠲᠤᠰ ᠲᠤᠰ ᠨᠢᠭᠡᠳᠦᠭᠡᠷ | ᠬᠤᠶᠠᠳᠤᠭᠠᠷ ᠭᠤᠷᠪᠠᠳᠤᠭᠠᠷ ᠳᠡᠰ ᠤᠨ ᠱᠠᠩᠨᠠᠯ ᠲᠣᠬᠢᠷᠠᠭᠤᠯᠤᠭᠰᠠᠨ ᠪᠥᠭᠡᠳ ᠱᠠᠩᠨᠠᠯ ᠣᠯᠤᠭᠰᠠᠨ ᠦᠨᠡᠮᠯᠡᠯ | ᠣᠯᠭᠤᠪᠠ᠃ ᠡᠯ᠎ᠡ ᠳᠤᠭᠤᠶᠢᠯᠠᠩ ᠤᠨ ᠰᠢᠯᠢᠳᠡᠭ ᠪᠦᠲᠦᠭᠡᠯ ᠢ ᠤᠯᠤᠰ ᠤᠨ ᠬᠤᠣᠷᠠᠲᠤ ᠡᠳ᠋ ᠢ ᠴᠠᠭᠠᠵᠠᠯᠠᠬᠤ | ᠠᠯᠪᠠᠨ ᠭᠡᠷ ᠲᠤ ᠲᠠᠨᠢᠯᠴᠠᠭᠤᠯᠤᠨ᠎ᠠ᠃ | ᠡᠯ᠎ᠡ ᠱᠠᠲᠤᠨ ᠤ ᠰᠤᠷᠭᠠᠨ ᠬᠥᠮᠦᠵᠢᠯ᠂ ᠬᠤᠣᠷᠲᠤ ᠡᠳ᠋ ᠢ ᠴᠠᠭᠠᠵᠠᠯᠠᠬᠤ ᠰᠠᠯᠠᠭ᠎ᠠ ᠮᠥᠴᠢᠷ ᠪᠣᠯᠤᠨ | ᠡᠯ᠎ᠡ ᠶᠡᠭᠡ ᠳᠡᠭᠡᠳᠦ ᠰᠤᠷᠭᠠᠭᠤᠯᠢ ᠡᠨᠡ ᠤᠳᠠᠭᠠᠨ ᠤ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ | ᠬᠥᠮᠦᠵᠢᠯ ᠤᠨ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ᠂ | ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢ ᠵᠢᠴᠢ ᠬᠤᠣᠷᠲᠤ ᠡᠳ᠋ ᠢ ᠴᠠᠭᠠᠵᠠᠯᠠᠬᠤ ᠠᠵᠢᠯᠲᠠᠨ᠂ ᠰᠠᠶᠢᠨ | ᠳᠤᠷᠠᠴᠤᠤᠯ᠂ ᠨᠡᠶᠢᠭᠡᠮ ᠤᠨ ᠡᠯ᠎ᠡ ᠡᠲᠡᠭᠡᠳ ᠤᠨ ᠬᠤᠣᠷᠲᠤ ᠡᠳ᠋ ᠢ ᠴᠠᠭᠠᠵᠠᠯᠠᠬᠤ ᠨᠡᠶᠢᠲᠡ ᠶᠢᠨ ᠠᠰᠠᠷᠠᠮᠵᠢ ᠶᠢᠨ | ᠠᠵᠢᠯᠲᠠᠨ ᠢ ᠥᠷᠭᠡᠨ ᠢᠶᠠᠷ ᠳᠠᠶᠢᠴᠢᠯᠠᠨ ᠠᠵᠢᠯᠯᠠᠭ᠎ᠠ ᠳᠤ ᠣᠷᠣᠯᠴᠠᠭᠤᠯᠬᠤ ᠬᠡᠷᠡᠭᠲᠡᠢ᠃ ᠡᠭᠦᠨ ᠤ ᠬᠠᠮᠲᠤ᠂ | ᠬᠤᠣᠷᠲᠤ ᠡᠳ᠋ ᠢ ᠰᠡᠷᠭᠡᠶᠢᠯᠡᠬᠦ ᠬᠥᠮᠦᠵᠢᠯ ᠤᠨ ᠰᠢᠯᠢᠳᠡᠭ ᠪᠠᠭᠰᠢ ᠶᠢ ᠢᠳᠡᠪᠬᠢᠲᠡᠢ ᠪᠠᠷ ᠢᠯᠡᠷᠡᠭᠦᠯᠬᠦ ᠪᠠ ᠰᠣᠩᠭᠤᠨ | ᠭᠠᠷᠭᠠᠵᠤ᠂ ᠬᠤᠣᠷᠲᠤ ᠡᠳ᠋ ᠢ ᠴᠠᠭᠠᠵᠠᠯᠠᠬᠤ ᠬᠢᠴᠢᠶᠡᠯ ᠤᠨ ᠵᠢᠭᠠᠨ ᠰᠤᠷᠭᠠᠯᠲᠠ ᠶᠢᠨ ᠲᠡᠷᠢᠭᠦᠨ ᠤ | ᠣᠶᠢᠯᠠᠭᠠᠭᠳᠠᠬᠤᠨ᠂ ᠲᠤᠷᠰᠢᠯᠭ᠎ᠠ᠂ ᠠᠷᠭ᠎ᠠ ᠪᠠᠷᠢᠯ ᠢ ᠪᠣᠯᠪᠠᠰᠤᠷᠠᠭᠤᠯᠬᠤ ᠪᠠ ᠳᠡᠯᠭᠡᠷᠡᠭᠦᠯᠵᠦ᠂ ᠰᠢᠯᠢᠳᠡᠭ | ᠬᠢᠴᠢᠶᠡᠯ ᠤᠨ ᠪᠦᠲᠦᠭᠡᠯ ᠢ ᠲᠤᠰ ᠭᠠᠵᠠᠷ ᠤᠨ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ | ᠮᠠᠲ᠋ᠧᠷᠢᠶᠠᠯ ᠤᠨ ᠬᠥᠮᠥᠷᠭᠡ ᠳᠤ ᠣᠷᠣᠭᠤᠯᠬᠤ ᠶᠢᠨ ᠬᠠᠮᠲᠤ ᠥᠷᠭᠡᠨ ᠢᠶᠠᠷ ᠬᠡᠷᠡᠭᠯᠡᠵᠦ᠂ ᠪᠦᠬᠦ ᠣᠷᠣᠨ ᠤ | ᠵᠠᠯᠠᠭᠤᠴᠤᠳ ᠪᠠᠭᠠᠴᠤᠳ ᠬᠤᠣᠷᠲᠤ ᠡᠳ᠋ ᠢ ᠰᠡᠷᠭᠡᠶᠢᠯᠡᠬᠦ ᠬᠥᠮᠦᠵᠢᠯ ᠤᠨ ᠠᠵᠢᠯ ᠢ ᠭᠦᠨᠵᠡᠭᠡᠶᠢᠷᠡᠭᠦᠯᠦᠨ | ᠥᠷᠨᠢᠭᠦᠯᠬᠦ ᠶᠢ ᠠᠬᠢᠭᠤᠯᠬᠤ ᠬᠡᠷᠡᠭᠲᠡᠢ᠃ | |