ᠱᠣᠣ ᠶᠠᠨ ᠵᠢᠶᠦ᠋ᠨ ᠪᠦᠯᠬᠦᠮ ᠳᠠᠭᠠᠭᠤᠯᠤᠨ ᠪᠡᠭᠡᠵᠢᠩ ᠬᠤᠲᠠ ᠳᠤ ᠬᠦᠷᠴᠦ ᠬᠤᠳᠠᠯᠳᠣᠭᠠᠴᠢᠨ ᠤᠷᠢᠵᠤ ᠪᠡᠯᠡ ᠲᠠᠲᠠᠬᠤ ᠲᠥᠷᠥᠯ ᠵᠦᠢᠯ ᠤᠨ ᠲᠤᠬᠠᠢ ᠵᠥᠪᠳᠡᠯᠴᠡᠪᠡ
ᠨᠡᠶᠢᠲᠡᠯᠡᠭᠰᠡᠨ ᠴᠠᠭ᠄
2024/3/5
    3 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠪᠦᠯᠬᠦᠮ ᠳᠠᠭᠠᠭᠤᠯᠤᠨ ᠪᠡᠭᠡᠵᠢᠩ ᠬᠤᠲᠠ ᠳᠤ ᠬᠦᠷᠴᠦ ᠤᠷᠢᠳ ᠬᠤᠵᠢᠳ ᠵᠥᠩ ᠰᠢᠨ ᠳ᠋ᠠᠢ ᠺᠠ ᠬᠢᠵᠠᠭᠠᠷᠲᠤ ᠺᠣᠮᠫᠠᠨᠢ᠂ ᠪᠡᠭᠡᠵᠢᠩ ᠤᠨ ᠹᠧᠩ ᠱᠧᠩ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠲᠥᠷᠥᠯ ᠵᠦᠢᠯ ᠢ ᠠᠬᠢᠭᠤᠯᠬᠤ ᠬᠤᠷᠠᠯ ᠬᠢᠵᠦ ᠂ ᠲᠣᠰ ᠪᠦᠷᠢ ᠬᠥᠩᠭᠡᠨ ᠴᠠᠭᠠᠨ ᠢ ᠳᠠᠬᠢᠨ ᠨᠠᠷᠢᠯᠢᠭ ᠪᠣᠯᠪᠠᠰᠤᠷᠠᠭᠤᠯᠬᠤ ᠠᠵᠤ ᠦᠢᠯᠡᠰ ᠤᠨ ᠲᠥᠷᠥᠯ ᠵᠦᠢᠯ ᠪᠠ ᠢᠳᠡᠰᠢᠨ ᠲᠠᠬᠢᠶ᠎ᠠ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠲᠥᠷᠥᠯ ᠵᠦᠢᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠭᠰᠠᠨ ᠪᠥᠭᠡᠳ ᠠᠵᠤ ᠠᠬᠤᠶᠢᠯᠠᠯ ᠤᠨ ᠲᠠᠯ᠎ᠠ ᠶᠢᠨ ᠬᠢᠨ ᠲᠠᠢ ᠬᠠᠮᠲᠤ ᠶᠢᠨ ᠲᠠᠨᠢᠯᠲᠠ ᠲᠠᠢ ᠪᠣᠯᠪᠠ᠃ ᠠᠵᠤ ᠠᠬᠤᠶᠢᠯᠠᠯ ᠤᠨ ᠲᠠᠯ᠎ᠠ ᠶᠢᠨ ᠬᠢᠨ ᠢᠯᠡᠷᠬᠡᠶᠢᠯᠡᠬᠦ ᠳᠡᠭᠡᠨ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠭᠠᠷ ᠭᠦᠢᠴᠡᠳᠬᠡᠯ ᠢ ᠲᠦᠷᠭᠡᠪᠴᠢᠯᠡᠨ ᠭᠦᠢᠴᠡᠳᠬᠡᠵᠦ᠂ ᠲᠥᠷᠦᠯ ᠵᠦᠢᠯᠡᠰ ᠤᠨ ᠲᠣᠭᠲᠠᠭᠰᠠᠨ ᠬᠤᠭᠤᠴᠠᠭᠠᠨ ᠳᠠᠭᠠᠨ ᠠᠵᠢᠯ ᠡᠬᠢᠯᠡᠬᠦ ᠶᠢ ᠦᠨᠡᠨ ᠬᠦ ᠪᠠᠲᠤᠯᠠᠨ᠎ᠠ ᠭᠡᠪᠡ᠃ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠪᠠᠷ᠎ᠠ ᠪᠣᠯᠵᠤ ᠰᠠᠭᠤᠳᠠᠯ ᠤᠨ ᠬᠤᠷᠠᠯ ᠬᠢᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号