| 3 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ | ᠬᠤᠰᠢᠭᠤᠨ ᠳᠠᠷᠤᠭ᠎ᠠ ᠮᠦ ᠲᠢᠶᠧ ᠮᠢᠨ ᠦᠯᠵᠡᠶᠢᠮᠦ᠋ᠷᠡᠨ ᠰᠤᠮᠤᠨ ᠳᠤ ᠬᠦᠷᠴᠦ ᠪᠠᠶᠢᠴᠠᠭᠠᠨ ᠰᠣᠳᠣᠯᠵᠤ ᠵᠢᠭᠠᠨ | ᠵᠢᠯᠣᠭᠤᠳᠪᠠ᠃ ᠪᠠᠶᠢᠴᠠᠭᠠᠨ ᠰᠤᠳᠤᠯᠤᠯᠲᠠ ᠶᠢ ᠰᠠᠭᠤᠳᠠᠯ ᠤᠨ ᠬᠤᠷᠠᠯ ᠤᠨ ᠬᠡᠯᠪᠡᠷᠢ ᠪᠠᠷ ᠥᠷᠨᠢᠭᠦᠯᠪᠡ᠃ | ᠬᠤᠷᠠᠯ ᠳᠡᠭᠡᠷ᠎ᠡ᠂ ᠮᠦ ᠬᠤᠰᠢᠭᠤᠨ ᠳᠠᠷᠤᠭ᠎ᠠ ᠵᠠᠬᠢᠳᠠᠯ ᠰᠣᠷᠪᠤᠯᠵᠢᠯᠠᠭ᠎ᠠ ᠶᠢᠨ ᠠᠵᠢᠯ᠂ ᠠᠲᠠᠷ | ᠬᠠᠭᠠᠯᠪᠤᠷᠢᠯᠠᠬᠤ ᠶᠢ ᠴᠠᠭᠠᠵᠠᠯᠠᠵᠤ ᠪᠡᠯᠴᠢᠭᠡᠷᠯᠡᠭᠦᠯᠬᠦ ᠶᠢ ᠴᠠᠭᠠᠵᠠᠯᠠᠬᠤ᠂ ᠠᠶᠤᠯᠭᠦᠢ ᠦᠢᠯᠡᠳᠪᠦᠷᠢᠯᠡᠯ ᠵᠡᠷᠭᠡ | ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ᠂ ᠣᠷᠣᠰᠢᠵᠤ ᠪᠠᠶᠢᠭ᠎ᠠ ᠬᠦᠴᠢᠷᠳᠡᠯ ᠪᠣᠯᠣᠨ | ᠳᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠶᠢᠨ ᠲᠤᠬᠠᠢ ᠪᠠᠶᠢᠷᠢᠯᠠᠭᠤᠯᠤᠯᠲᠠ ᠬᠢᠪᠡ᠃ | ᠬᠤᠷᠠᠯ ᠠᠴᠠ᠂ ᠣᠳᠣᠬᠠᠨ ᠤ ᠭᠤᠣᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ᠂ ᠠᠵᠢᠯ ᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠡᠯ᠎ᠡ ᠵᠦᠢᠯ ᠤᠨ | ᠭᠤᠣᠯᠳᠠᠯᠭ᠎ᠠ ᠲᠠᠢ ᠡᠭᠦᠷᠭᠡ ᠪᠠᠨ ᠴᠠᠭ ᠲᠤᠬᠠᠢ ᠳᠤᠨᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ | ᠨᠢᠭᠡ ᠳᠤ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠪᠠᠲᠣᠯᠠᠬᠤ ᠲᠠᠯ᠎ᠠ ᠪᠠᠷ᠂ ᠭᠤᠣᠯᠳᠠᠯᠭ᠎ᠠ ᠲᠠᠢ ᠬᠥᠮᠥᠰ ᠢ | ᠬᠠᠮᠢᠶᠠᠷᠤᠨ ᠡᠵᠡᠮᠳᠡᠬᠦ᠂ ᠭᠤᠣᠯᠳᠠᠯᠭ᠎ᠠ ᠲᠠᠢ ᠬᠥᠮᠥᠰ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ | ᠴᠢᠩᠭᠠᠳᠬᠠᠵᠤ᠂ ᠲᠣᠰᠬᠤᠨ ᠡᠷᠦᠬᠡ ᠬᠥᠮᠥᠨ ᠳᠠᠷᠠᠭᠠᠯᠠᠨ ᠵᠢᠭᠰᠠᠭᠠᠨ ᠪᠠᠶᠢᠴᠠᠭᠠᠵᠤ᠂ ᠵᠢᠭᠰᠠᠭᠠᠨ ᠪᠠᠶᠢᠴᠠᠭᠠᠬᠤ | ᠶᠠᠪᠤᠴᠠ ᠳᠤ ᠢᠯᠡᠷᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠬᠡᠮ ᠰᠣᠭᠤᠭ ᠢ ᠴᠠᠭ ᠲᠤᠬᠠᠢ ᠳᠤᠨᠢ | ᠲᠠᠶᠢᠳᠬᠠᠷᠠᠭᠤᠯᠬᠤ ᠪᠠ ᠰᠢᠢᠳᠪᠦᠷᠢᠯᠡᠬᠦ ᠬᠡᠷᠡᠭᠲᠡᠢ᠃ ᠬᠤᠶᠠᠷ ᠲᠤ ᠠᠲᠠᠷ ᠬᠠᠭᠠᠯᠪᠤᠷᠢᠯᠠᠵᠤ ᠮᠠᠯ ᠮᠠᠯᠵᠢᠬᠤ ᠶᠢ | ᠴᠠᠭᠠᠵᠠᠯᠠᠬᠤ ᠲᠠᠯ᠎ᠠ ᠪᠠᠷ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠤᠬᠠᠭᠤᠯᠵᠤ ᠬᠥᠲᠥᠯᠥᠨ | ᠵᠢᠯᠤᠭᠤᠳᠬᠤ ᠶᠢ ᠰᠠᠶᠢᠲᠤᠷ ᠬᠢᠵᠦ᠂ ᠮᠠᠯᠴᠢᠨ ᠲᠠᠷᠢᠶᠠᠴᠢᠨ ᠤ ᠦᠵᠡᠯ ᠰᠠᠨᠠᠭᠠᠨ ᠤ ᠠᠵᠢᠯ ᠢ ᠰᠠᠶᠢᠲᠤᠷ ᠬᠢᠵᠦ᠂ | ᠮᠠᠯᠴᠢᠨ ᠲᠠᠷᠢᠶᠠᠴᠢᠨ ᠤ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ | ᠤᠬᠠᠮᠰᠠᠷᠲᠤ ᠴᠢᠨᠠᠷ᠂ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠦᠨ᠂ ᠬᠠᠤᠯᠢ ᠲᠣᠭᠲᠠᠭᠠᠯ ᠢ ᠵᠥᠷᠢᠴᠡᠭᠰᠡᠨ ᠦᠶᠯᠡ | ᠠᠵᠢᠯᠯᠠᠭ᠎ᠠ ᠡᠭᠦᠰᠬᠦ ᠶᠢ ᠪᠠᠭᠠᠰᠬᠠᠬᠤ ᠬᠡᠷᠡᠭᠲᠡᠢ᠃ ᠭᠤᠷᠪᠠ ᠳᠤ ᠠᠶᠤᠯᠭᠦᠢ ᠦᠢᠯᠡᠳᠪᠦᠷᠢᠯᠡᠯ ᠤᠨ ᠲᠠᠯ᠎ᠠ ᠪᠠᠷ᠂ | ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠬᠦ ᠤᠬᠠᠭᠤᠯᠭ᠎ᠠ ᠪᠣᠯᠣᠨ ᠬᠢᠨᠠᠨ ᠵᠢᠯᠤᠭᠤᠳᠬᠤ ᠡᠷᠴᠢᠮ ᠢᠶᠠᠨ | ᠴᠢᠩᠭᠠᠷᠠᠭᠤᠯᠵᠤ᠂ ᠲᠦᠷᠦ ᠶᠢᠨ ᠪᠣᠳᠣᠯᠭ᠎ᠠ ᠪᠠᠷ ᠤᠯᠠᠨ ᠲᠦᠮᠡᠨ ᠢ ᠳᠠᠶᠢᠴᠢᠯᠠᠵᠤ᠂ ᠬᠡᠷᠡᠭ ᠤᠨ ᠵᠢᠱᠢᠶ᠎ᠡ ᠪᠠᠷ ᠤᠯᠠᠨ | ᠲᠦᠮᠡᠨ ᠢ ᠬᠥᠲᠥᠯᠥᠨ ᠵᠢᠯᠤᠭᠤᠳᠴᠤ᠂ ᠥᠷᠭᠡᠨ ᠤᠯᠠᠨ ᠲᠦᠮᠡᠨ ᠢ ᠤᠢ ᠰᠢᠭᠤᠢ ᠨᠤᠲᠤᠭ ᠪᠡᠯᠴᠢᠭᠡᠷ ᠤᠨ ᠡᠬᠢ | ᠪᠠᠶᠠᠯᠢᠭ ᠤᠨ ᠠᠮᠤᠷ ᠲᠦᠪᠰᠢᠨ ᠢ ᠤᠬᠠᠮᠰᠠᠷ ᠠᠴᠠ ᠪᠠᠨ ᠬᠠᠮᠠᠭᠠᠯᠠᠬᠤ ᠶᠢ ᠤᠷᠢᠶᠠᠯᠠᠬᠤ ᠬᠡᠷᠡᠭᠲᠡᠢ᠃ ᠬᠠᠷᠢᠶ᠎ᠠ ᠣᠷᠣᠨ | ᠤ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠭᠠᠯ ᠤᠨᠲᠠᠷᠠᠭᠠᠬᠤ᠂ ᠮᠠᠰᠢᠨ ᠲᠦᠭᠦᠭᠡᠷᠦᠮᠵᠢ ᠶᠢᠨ ᠭᠠᠯ | ᠰᠡᠷᠭᠡᠶᠢᠯᠡᠬᠦ ᠤᠬᠠᠭᠤᠯᠭ᠎ᠠ ᠶᠢ ᠴᠢᠩᠭᠠᠷᠠᠭᠤᠯᠵᠤ᠂ ᠭᠠᠯ ᠤᠨ ᠠᠶᠤᠯ ᠤᠨ ᠲᠠᠯᠳᠠ ᠭᠡᠮ ᠢ ᠴᠠᠭ ᠲᠤᠬᠠᠢ ᠳᠤᠨᠢ | ᠣᠯᠵᠤ ᠮᠡᠳᠡᠬᠦ ᠪᠠ ᠠᠷᠢᠯᠭᠠᠵᠤ ᠴᠢᠳᠠᠬᠤ ᠬᠡᠷᠡᠭᠲᠡᠢ ᠭᠡᠵᠦ ᠴᠢᠬᠤᠯᠠᠴᠢᠯᠠᠪᠠ᠃ | | | |