| | 3 ᠰᠠᠷ᠎ᠠ ᠶᠢᠨ 4 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠪᠦᠦ ᠸᠧᠨ ᠯᠠᠨ ᠪᠥᠬᠦ ᠬᠤᠰᠢᠭᠤᠨ ᠤ ᠭᠤᠣᠯᠳᠠᠯᠭ᠎ᠠ ᠲᠠᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ | ᠰᠢᠢᠳᠪᠦᠷᠢᠯᠡᠬᠦ ᠠᠵᠢᠯ ᠤᠨ ᠲᠤᠰᠬᠠᠢ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶ᠋ᠧ ᠮᠢᠨ᠂ ᠳᠡᠳ᠋ ᠬᠤᠰᠢᠭᠤᠨ ᠳᠠᠷᠤᠭ᠎ᠠ ᠳ᠋ᠢᠩ ᡁᠢ | ᠭᠠᠩ᠂ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠱᠠᠨ ᠬᠤᠸᠠ ᠴᠢ᠂ | ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ ᠵᠢᠴᠢ ᠬᠤᠰᠢᠭᠤᠨ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ | ᠬᠠᠷᠢᠭᠤᠴᠠᠯᠭᠠᠲᠠᠳ ᠬᠤᠷᠠᠯ ᠳᠤ ᠤᠷᠣᠯᠴᠠᠪᠠ᠃ | ᠬᠤᠷᠠᠯ ᠠᠴᠠ ᠪᠥᠬᠦ ᠬᠤᠰᠢᠭᠤᠨ ᠤ ᠭᠤᠣᠯᠳᠠᠯᠭ᠎ᠠ ᠲᠠᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ | ᠰᠢᠢᠳᠪᠦᠷᠢᠯᠡᠭᠰᠡᠨ ᠪᠠᠶᠢᠳᠠᠯ ᠢ ᠰᠤᠳᠤᠯᠤᠨ ᠮᠠᠭᠠᠳᠯᠠᠵᠤ᠂ ᠣᠳᠣᠬᠠᠨ ᠤ ᠪᠠ ᠬᠤᠶᠢᠰᠢᠳᠠ ᠶᠢᠨ ᠨᠢᠭᠡ | ᠬᠤᠭᠤᠴᠠᠭᠠᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠪᠠᠶᠢᠷᠢᠯᠠᠭᠤᠯᠪᠠ᠃ ᠪᠦᠦ ᠸᠧᠨ ᠯᠠᠨ ᠴᠢᠬᠤᠯᠠᠴᠢᠯᠠᠭᠰᠠᠨ | ᠨᠢ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠵᠣᠭᠰᠣᠴᠠ ᠪᠠᠨ ᠣᠯᠠᠮ ᠨᠢᠭᠡ | ᠠᠯᠬᠤᠮ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠥᠷᠢᠴᠡᠯ ᠢ | ᠨᠠᠮᠳᠠᠭᠤᠯᠬᠤ ᠲᠠᠯ᠎ᠠ ᠪᠠᠷ ᠰᠢᠪᠳᠣᠯᠵᠤ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠦᠨᠡᠨᠬᠦ ᠦᠨᠳᠦᠰᠦᠨ | ᠱᠠᠲᠤᠨ ᠳᠤ᠂ ᠲᠤᠰ ᠭᠠᠵᠠᠷ ᠣᠷᠣᠨ ᠳᠤ ᠰᠢᠢᠳᠪᠦᠷᠢᠯᠡᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ | ᠰᠠᠨᠠᠭᠠᠴᠢᠯᠠᠭ᠎ᠠ ᠠᠴᠠ ᠪᠠᠨ ᠠᠷᠭ᠎ᠠ ᠰᠦᠪᠡᠭᠴᠢᠯᠡᠵᠦ᠂ ᠢᠳᠡᠪᠬᠢᠲᠡᠢ ᠪᠠᠷ ᠠᠵᠢᠯᠯᠠᠵᠤ᠂ ᠤᠯᠠᠨ ᠲᠦᠮᠡᠨ ᠤ ᠵᠦᠢ | ᠶᠣᠰᠣᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠬᠠᠤᠯᠢ ᠲᠣᠭᠲᠠᠭᠠᠯ | ᠲᠦᠷᠦ ᠶᠢᠨ ᠪᠣᠳᠣᠯᠭ᠎ᠠ ᠶᠢ ᠵᠢᠷᠤᠮᠯᠠᠬᠤ ᠶᠢ ᠢᠮᠠᠭᠲᠠ ᠪᠠᠷᠢᠮᠲᠠᠯᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ | ᠪᠦᠬᠦ ᠬᠦᠴᠦᠨ ᠢᠶᠠᠷ ᠢᠶᠠᠨ ᠲᠣᠬᠢᠲᠠᠢ ᠪᠥᠭᠡᠳ ᠲᠦᠷᠭᠡᠨ ᠰᠢᠢᠳᠪᠦᠷᠢᠯᠡᠵᠦ᠂ ᠤᠯᠠᠨ ᠲᠦᠮᠡᠨ ᠤ ᠬᠠᠤᠯᠢ ᠶᠣᠰᠣᠨ ᠤ | ᠡᠷᠬᠡ ᠠᠰᠢᠭ ᠢ ᠦᠨᠡᠨᠬᠦ ᠬᠠᠮᠠᠭᠠᠯᠠᠵᠤ᠂ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠭᠰᠡᠨ ᠶᠠᠰᠤ ᠴᠢᠨᠠᠷ | ᠦᠷ᠎ᠡ ᠪᠦᠲᠦᠮᠵᠢ ᠪᠠ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ | ᠭᠡᠪᠡ᠃ | ᠪᠦᠦ ᠸᠧᠨ ᠯᠠᠨ ᠱᠠᠭᠠᠷᠳᠠᠭᠰᠠᠨ ᠨᠢ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠴᠢᠬᠤᠯᠠᠴᠢᠯᠠᠵᠤ᠂ | ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠭᠤᠯᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠬᠡᠷᠡᠭ ᠤᠨ | ᠪᠠᠶᠢᠳᠠᠯ ᠳᠤ ᠲᠣᠬᠢᠷᠠᠭᠤᠯᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠤᠶᠤᠨ ᠴᠢᠳᠠᠯ ᠢᠶᠠᠨ ᠲᠥᠪᠯᠡᠷᠡᠭᠦᠯᠦᠨ | ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯ ᠢ ᠠᠬᠢᠭᠤᠯᠬᠤ ᠬᠡᠷᠡᠭᠲᠡᠢ᠃ ᠤᠯᠠᠨ | ᠲᠦᠮᠡᠨ ᠲᠠᠢ ᠢᠯᠡᠭᠦᠬᠡᠨ ᠰᠠᠨᠠᠯ ᠢᠶᠠᠨ ᠰᠣᠯᠢᠯᠴᠠᠵᠤ᠂ ᠤᠯᠠᠨ ᠲᠦᠮᠡᠨ ᠤ ᠰᠡᠳᠬᠢᠯ ᠤᠨ ᠵᠠᠩᠭᠢᠷᠠᠭ᠎ᠠ ᠶᠢ ᠲᠠᠶᠢᠯᠵᠤ᠂ | ᠤᠯᠠᠨ ᠲᠦᠮᠡᠨ ᠤ ᠤᠷᠮ᠎ᠠ ᠰᠡᠳᠬᠢᠯᠭᠡ ᠶᠢ ᠰᠢᠯᠤᠭᠤᠳᠬᠠᠵᠤ᠂ ᠤᠯᠠᠨ ᠲᠦᠮᠡᠨ ᠤ ᠣᠶᠢᠯᠠᠭᠠᠯᠲᠠ ᠶᠢ ᠣᠯᠵᠤ᠂ ᠡᠯ᠎ᠡ | ᠲᠦᠷᠦᠯ ᠤᠨ ᠵᠥᠷᠢᠴᠡᠯ ᠤᠨ ᠬᠡᠮ ᠰᠣᠭᠤᠭ ᠢ ᠢᠳᠡᠪᠬᠢᠲᠡᠢ ᠪᠦᠲᠦᠮᠵᠢᠲᠡᠢ ᠠᠷᠢᠯᠭᠠᠬᠤ ᠬᠡᠷᠡᠭᠲᠡᠢ᠃ ᠵᠠᠬᠢᠳᠠᠯ | ᠰᠣᠷᠪᠤᠯᠵᠢᠯᠠᠭ᠎ᠠ ᠶᠢᠨ ᠠᠵᠢᠯ ᠢ ᠰᠢᠢᠳᠪᠦᠷᠢᠯᠡᠬᠦ ᠴᠢᠳᠠᠪᠤᠷᠢ ᠪᠠ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠪᠠ ᠡᠩᠬᠡ ᠲᠠᠶᠢᠪᠤᠩ ᠵᠠᠷᠣᠳ ᠤᠨ ᠪᠦᠲᠦᠭᠡᠨ | ᠪᠠᠶᠢᠭᠤᠯᠤᠯᠲᠠ ᠳᠤ ᠰᠢᠨ᠎ᠡ ᠦᠷ᠎ᠡ ᠪᠦᠲᠦᠮᠵᠢ ᠣᠯᠬᠤ ᠪᠠᠷ ᠴᠢᠷᠮᠠᠶᠢᠨ ᠠᠬᠢᠭᠤᠯᠬᠤ ᠬᠡᠷᠡᠭᠲᠡᠢ ᠭᠡᠪᠡ᠃ | | | |