| | | 3 ᠰᠠᠷ᠎ᠠ ᠶᠢᠨ 5 ᠤ ᠡᠳᠦᠷ᠂ ᠵᠠᠷᠤᠳ ᠬᠤᠰᠢᠭᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠲᠤᠬᠠᠶᠢᠯᠠᠭᠰᠠᠨ ᠠᠵᠢᠯ ᠤᠨ | ᠪᠣᠯᠪᠠᠰᠤᠷᠠᠭᠤᠯᠤᠯ ᠤᠨ ᠬᠤᠷᠠᠯ ᠬᠢᠪᠡ᠃ ᠬᠤᠳᠠ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ | ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠲᠤᠬᠠᠶᠢᠯᠠᠭᠰᠠᠨ ᠠᠵᠢᠯ ᠤᠨ ᠺᠠᠳ᠋ᠷ ᠪᠠᠢ | ᠴᠦᠨ ᠧ ᠠᠴᠠ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ | ᠬᠤᠰᠢᠭᠤ ᠶᠢ ᠡᠭᠦᠳᠦᠨ ᠪᠠᠶᠢᠭᠤᠯᠬᠤ ᠠᠵᠢᠯ ᠤᠨ ᠲᠠᠯ᠎ᠠ ᠪᠠᠷ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠪᠡ᠃ | ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ | ᠭᠡᠷ ᠤᠨ ᠡᠷᠬᠢᠯᠡᠭᠴᠢ ᠭᠦᠸᠧ ᠶᠠ ᠹᠧᠩ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠪᠠᠢ ᠴᠦᠨ ᠧ ᠠᠴᠠ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠬᠤᠰᠢᠭᠤ ᠰᠢᠶᠠᠨ ︵ᠬᠤᠲᠠ ᠲᠣᠭᠤᠷᠢᠭ︶ ᠤ ᠰᠢᠯᠭᠠᠨ ᠲᠣᠭᠲᠠᠭᠠᠬᠤ ᠭᠦᠢᠴᠡᠳᠬᠡᠯ | ᠲᠤᠭ᠎ᠠ ᠶᠢᠨ ᠲᠤᠬᠠᠢ ᠲᠠᠶᠢᠯᠤᠮᠵᠢ ᠬᠢᠭᠰᠡᠨ ᠪᠥᠭᠡᠳ ᠰᠢᠯᠭᠠᠨ ᠲᠣᠭᠲᠠᠭᠠᠬᠤ ᠭᠦᠢᠴᠡᠳᠬᠡᠯ ᠲᠤᠭ᠎ᠠ ᠶᠢᠨ ᠠᠵᠢᠯ ᠤᠨ | ᠬᠤᠪᠢᠶᠠᠷᠢᠯᠠᠯ᠂ ᠡᠯ᠎ᠡ ᠠᠵᠢᠯ ᠲᠥᠷᠥᠯ ᠡᠯ᠎ᠡ ᠨᠢᠭᠡᠴᠡ ᠶᠢᠨ ᠬᠢᠨ ᠬᠡᠷᠬᠢᠨ ᠬᠢᠬᠦ ᠵᠢᠴᠢ ᠬᠡᠷᠬᠢᠨ ᠨᠠᠶᠢᠳᠠᠪᠤᠷᠢᠵᠢᠭᠤᠯᠬᠤ | ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠬᠢᠪᠡ᠃ ᠪᠠᠢ ᠴᠦᠨ ᠧ ᠪᠣᠯᠪᠠᠰᠤᠷᠠᠯ ᠳᠤᠮᠳᠠ ᠪᠠᠰᠠ ᠰᠢ ᠶᠢᠨ ᠫᠢᠩ | ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ | ᠰᠠᠨᠠᠭ᠎ᠠ ᠶᠢ ᠰᠤᠷᠤᠯᠴᠠᠬᠤ ᠶᠢ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠴᠢᠬᠤᠯᠠ ᠤᠯᠤᠰ ᠲᠦᠷᠦ | ᠶᠢᠨ ᠡᠭᠦᠷᠭᠡ ᠪᠣᠯᠭᠠᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠨᠤᠯ ᠤᠨ | ᠰᠤᠷᠤᠯᠴᠠᠯᠭ᠎ᠠ ᠶᠢᠨ ᠭᠤᠣᠯᠳᠠᠯᠭ᠎ᠠ ᠲᠠᠢ ᠠᠭᠤᠯᠭ᠎ᠠ ᠪᠣᠯᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠳᠤᠷᠠᠳᠬᠤ ᠬᠡᠷᠡᠭᠲᠡᠢ ᠭᠡᠵᠦ ᠭᠤᠣᠯᠳᠠᠯᠭ᠎ᠠ ᠲᠠᠢ ᠵᠢᠭᠠᠵᠤ ᠭᠠᠷᠭᠠᠪᠠ᠃ | ᠪᠣᠯᠪᠠᠰᠤᠷᠠᠯ ᠨᠢ ᠤᠨᠤᠯ ᠤᠨ ᠥᠨᠳᠥᠷᠴᠡ ᠲᠠᠢ ᠪᠥᠭᠡᠳ ᠪᠣᠳᠠᠲᠠᠢ ᠠᠷᠭ᠎ᠠ ᠬᠡᠮᠵᠢᠶ᠎ᠡ ᠲᠠᠢ ᠪᠠᠶᠢᠵᠤ᠂ ᠬᠤᠷᠠᠯ ᠳᠤ | ᠣᠷᠣᠯᠴᠠᠭᠰᠠᠳ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠬᠤ ᠠᠵᠢᠯ ᠢ ᠨᠡᠩ | ᠰᠠᠶᠢᠲᠤᠷ ᠣᠶᠢᠯᠠᠭᠠᠨ ᠡᠵᠡᠮᠰᠢᠬᠦ ᠪᠠ ᠨᠠᠶᠢᠳᠠᠪᠤᠷᠢᠵᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠳᠤ ᠮᠠᠰᠢ ᠰᠠᠶᠢᠨ ᠰᠡᠩᠬᠡᠷᠡᠭᠦᠯᠦᠯ ᠪᠠ ᠬᠠᠪᠰᠤᠷᠤᠯᠭ᠎ᠠ ᠪᠣᠯᠬᠤ ᠶᠤᠮ᠃ | ᠬᠤᠷᠠᠯ ᠠᠴᠠ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠣᠯᠠᠮ | ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠭᠤᠣᠯ ᠬᠠᠷᠢᠭᠤᠴᠠᠯᠭ᠎ᠠ ᠭᠤᠣᠯ | ᠠᠵᠢᠯ ᠲᠠᠢ ᠪᠠᠨ ᠤᠶᠠᠯᠳᠤᠭᠤᠯᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠡᠯ᠎ᠡ | ᠵᠦᠢᠯ ᠤᠨ ᠠᠵᠢᠯ ᠢ ᠥᠷᠨᠢᠭᠦᠯᠬᠦ ᠬᠡᠷᠡᠭᠲᠡᠢ᠃ ᠲᠠᠯᠳᠠ ᠬᠦᠴᠦᠨ ᠢᠶᠠᠨ ᠠᠭᠤᠳᠠᠯᠬᠤ᠂ ᠣᠨᠴᠠᠯᠢᠭ ᠢᠶᠠᠨ | ᠲᠤᠪᠤᠶᠢᠯᠭᠠᠬᠤ᠂ ᠬᠢᠯᠠᠰ ᠴᠡᠭ ᠢ ᠪᠤᠢ ᠪᠣᠯᠭᠠᠬᠤ ᠳᠡᠭᠡᠷ᠎ᠡ ᠬᠦᠴᠦ ᠲᠠᠯᠪᠢᠵᠤ᠂ ᠨᠢᠭᠡ ᠪᠦᠯᠦᠭ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠤᠭᠰᠠᠨ ᠨᠡᠶᠢᠲᠡᠯᠢᠭ ᠵᠢᠱᠢᠶ᠎ᠡ ᠶᠢ ᠪᠤᠢ | ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠣᠳᠬᠠᠬᠤ ᠠᠵᠢᠯ ᠢ | ᠦᠨᠡᠨ ᠪᠣᠳᠠᠲᠠᠢ ᠲᠥᠷᠥᠭᠳᠡᠯ ᠲᠠᠢ ᠪᠦᠲᠦᠮᠵᠢᠲᠡᠢ ᠠᠬᠢᠭᠤᠯᠵᠤ᠂ ᠡᠭᠦᠳᠦᠨ ᠪᠠᠶᠢᠭᠤᠯᠬᠤ ᠠᠵᠢᠯ ᠳᠤ ᠪᠣᠳᠠᠲᠤ ᠦᠷ᠎ᠡ | ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠪᠣᠷᠢᠯᠠᠪᠠ᠃ | ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠨᠢᠭᠡᠴᠡ᠂ ᠰᠤᠮᠤ ᠪᠠᠯᠭᠠᠰᠤ ᠲᠠᠯᠠᠪᠠᠶ ︵ᠵᠡᠭᠡᠯᠢ ᠭᠤᠳᠤᠮᠵᠢ︶᠂ | ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠡᠮᠨᠡᠯᠭᠡ ᠶᠢᠨ ᠬᠤᠷᠢᠶ᠎ᠠ ᠰᠤᠷᠭᠠᠭᠤᠯᠢ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠪᠠ ᠲᠤᠬᠠᠶᠢᠯᠠᠭᠰᠠᠨ ᠠᠵᠢᠯ ᠤᠨ | ᠠᠵᠢᠯᠲᠠᠨ ᠨᠡᠶᠢᠲᠡ 200 ᠭᠠᠷᠤᠢ ᠬᠥᠮᠥᠨ ᠬᠤᠷᠠᠯ ᠳᠤ ᠣᠷᠣᠯᠴᠠᠪᠠ᠃ | | | |