| 3 ᠰᠠᠷ᠎ᠠ ᠶᠢᠨ 5 ᠤ ᠡᠳᠦᠷ᠂ ᠤᠯᠠᠭᠠᠨᠬᠠᠳᠠ ᠰᠤᠮᠤ ︽ᠯᠧᠢ ᠹᠧᠩ ᠠᠴᠠ ᠰᠤᠷᠤᠯᠴᠠᠵᠤ ᠰᠢᠨ᠎ᠡ ᠬᠡᠪ | ᠰᠤᠷᠲᠠᠯ ᠢ ᠪᠣᠶ ᠪᠣᠯᠭᠠᠵᠤ ᠣᠷᠴᠢᠨ ᠠᠬᠤᠢ ᠶᠢᠨ ᠠᠷᠢᠭᠤᠨ ᠴᠡᠪᠡᠷ ᠢ ᠴᠡᠭᠴᠡᠯᠡᠨ ᠵᠠᠰᠠᠬᠤ︾ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠠᠬᠤᠢ ᠲᠠᠯᠠᠪᠠᠶ ᠳᠤ᠂ ᠤᠯᠠᠭᠠᠨ ᠬᠤᠶᠠᠭ | ᠡᠮᠦᠰᠦᠭᠰᠡᠨ ᠰᠠᠶᠢᠨ ᠳᠣᠷᠠᠴᠣᠳ ᠤᠷᠮ᠎ᠠ ᠵᠣᠷᠢᠭ ᠨᠢ ᠣᠷᠬᠢᠯᠠᠵᠤ᠂ ᠡᠷᠴᠢ ᠵᠣᠷᠢᠭ ᠲᠡᠭᠦᠯᠳᠡᠷ ᠪᠠᠶᠢᠵᠤ᠂ | ᠬᠦᠴᠢᠷ ᠠᠴᠠ ᠠᠶᠤᠬᠤ ᠦᠭᠡᠢ ᠶᠠᠳᠠᠷᠠᠬᠤ ᠠᠴᠠ ᠠᠶᠤᠬᠤ ᠦᠭᠡᠢ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ | ᠱᠦᠭᠦᠷ᠂ ᠬᠤᠰᠤᠭᠤᠷ ᠵᠡᠷᠭᠡ ᠪᠠᠭᠠᠵᠢ ᠪᠠᠷ ᠰᠦᠯᠢᠶᠥᠦ ᠬᠤᠭ ᠨᠣᠪᠰᠢ᠂ ᠲᠠᠮᠠᠬᠢᠨ ᠤᠵᠠᠭᠤᠷ ᠪᠠ ᠮᠣᠳᠣᠨ ᠨᠠᠪᠴᠢ | ᠵᠡᠷᠭᠡ ᠢᠬᠢᠷ ᠰᠢᠬᠢᠷ ᠬᠤᠭ ᠨᠣᠪᠰᠢ ᠶᠢ ᠲᠡᠭᠦᠵᠦ ᠴᠡᠪᠡᠷᠯᠡᠨ᠂ ᠬᠠᠷᠢᠶ᠎ᠠ ᠣᠷᠣᠨ ᠤ ᠭᠤᠣᠯ ᠵᠠᠮ ᠪᠠ ᠵᠡᠭᠡᠯᠢ | ᠭᠤᠳᠤᠮᠵᠢ ᠵᠡᠷᠭᠡ ᠦᠨᠴᠦᠭ ᠪᠣᠯᠣᠩ ᠭᠠᠵᠠᠷ ᠢ ᠦᠯᠡᠳᠡᠭᠡᠯ ᠦᠭᠡᠢ ᠪᠦᠬᠦ ᠲᠠᠯ᠎ᠠ ᠪᠠᠷ ᠴᠡᠪᠡᠷᠯᠡᠵᠦ᠂ ᠪᠣᠳᠠᠲᠤ | ᠠᠵᠢᠯᠯᠠᠭ᠎ᠠ ᠪᠠᠷ ᠢᠶᠠᠨ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠪᠡ᠃ |