ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠬᠢᠨ ᠵᠠᠷᠤᠳ ᠬᠤᠰᠢᠭᠤᠨ ᠳᠤ ᠢᠷᠡᠵᠦ ᠡᠪᠡᠰᠦ ᠮᠠᠯ ᠢ ᠲᠡᠩᠴᠡᠭᠦᠷᠢ ᠲᠠᠢ ᠪᠠᠶᠢᠯᠭᠠᠬᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠ ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/11
     4 ᠳ᠋ᠦ᠋ᠭᠡᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠣᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠴᠧᠨ ᠶᠦᠩ ᠴᠢᠤᠸᠠᠨ ᠪᠦᠯᠬᠦᠮ ᠳᠠᠭᠠᠭᠤᠯᠤᠨ ᠵᠠᠷᠤᠳ ᠬᠤᠰᠢᠭᠤᠨ ᠳᠤ ᠢᠷᠡᠵᠦ ᠡᠪᠡᠰᠦ ᠮᠠᠯ ᠢ ᠲᠡᠩᠴᠡᠭᠦᠷᠢ ᠲᠠᠢ ᠪᠠᠶᠢᠯᠭᠠᠬᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠ ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠰᠠᠭᠤᠳᠠᠯ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠳᠡᠳ᠋ ᠬᠤᠰᠢᠭᠤᠨ ᠳᠠᠷᠤᠭ᠎ᠠ ᠼᠦᠢ ᠯᠧᠢ ᠯᠧᠢ ᠬᠤᠷᠠᠯ ᠳᠤ ᠣᠷᠣᠯᠴᠠᠪᠠ᠃ ᠬᠤᠲᠠ᠂ ᠬᠤᠰᠢᠭᠤ ᠬᠤᠶᠠᠷ ᠱᠠᠲᠤᠨ ᠤ ᠣᠶ ᠰᠢᠭᠤᠢ ᠨᠣᠲᠤᠭ ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠪᠣᠯᠣᠨ ᠬᠤᠰᠢᠭᠤᠨ ᠤ ᠮᠠᠯ ᠠᠵᠤ ᠠᠬᠤᠢ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ᠂ ᠵᠠᠷᠢᠮ ᠰᠤᠮᠤ ᠪᠠᠯᠭᠠᠰᠤ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ  ᠣᠷᠣᠯᠴᠠᠪᠠ᠃     ᠬᠤᠷᠠᠯ ᠳᠡᠭᠡᠷ᠎ᠡ᠂ ᠪᠥᠬᠦ ᠬᠤᠰᠢᠭᠤᠨ ᠤ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠤᠨ ᠴᠡᠭᠴᠡᠯᠡᠨ ᠵᠠᠰᠠᠯᠲᠠ᠂ ᠡᠪᠡᠰᠦ ᠲᠠᠷᠢᠵᠤ ᠪᠣᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠴᠡᠭᠴᠡᠯᠡᠨ ᠵᠠᠰᠠᠯᠲᠠ᠂ ᠨᠤᠲᠤᠭ ᠪᠡᠯᠴᠢᠭᠡᠷ ᠤᠨ ᠬᠤᠪᠢᠷᠠᠯᠲᠠ ᠶᠢᠨ ᠵᠢᠷᠤᠭ ᠳᠣᠯᠪᠤ ᠶᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠬᠦ᠂ ᠡᠪᠡᠰᠦ ᠮᠠᠯ ᠢ ᠲᠡᠩᠴᠡᠭᠦᠷᠢ ᠲᠠᠢ ᠪᠠᠶᠢᠯᠭᠠᠬᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠵᠢᠴᠢ ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯ᠂ ᠡᠯᠡᠰᠦᠷᠬᠡᠭᠵᠢᠬᠦ ᠶᠢ  ᠰᠡᠷᠭᠡᠶᠢᠯᠡᠬᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠪᠦᠷᠢ ᠶᠠᠷᠢᠶ᠎ᠠ ᠲᠠᠯᠪᠢᠪᠠ᠃     ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠲᠠᠷᠠᠭ᠎ᠠ᠂ ᠴᠧᠨ ᠶᠦᠩ ᠴᠢᠤᠸᠠᠨ ᠠᠴᠠ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠰᠠᠨᠠᠭᠠᠴᠢᠯᠠᠭ᠎ᠠ ᠠᠴᠠ ᠪᠠᠨ ᠣᠷᠣᠨ ᠪᠠᠶᠢᠷᠢ ᠳᠤ ᠪᠠᠨ ᠣᠷᠣᠵᠤ᠂ ᠬᠠᠮᠲᠤᠷᠠᠯ ᠬᠦᠴᠦᠨ ᠢᠶᠠᠨ ᠨᠢᠭᠲᠠᠷᠠᠭᠤᠯᠵᠤ᠂ ᠠᠳᠠᠯᠢ ᠴᠢᠭᠯᠡᠯ ᠢᠶᠠᠷ ᠬᠦᠴᠦᠯᠡᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠨᠠᠷᠢᠨ ᠪᠣᠳᠠᠲᠠᠢ ᠨᠠᠶᠢᠲᠠᠪᠣᠷᠢᠵᠢᠭᠤᠯᠬᠤ᠂ ᠪᠣᠳᠠᠲᠠᠢ ᠬᠢᠵᠦ ᠦᠷ᠎ᠡ ᠪᠦᠲᠦᠮᠵᠢ ᠭᠠᠷᠭᠠᠬᠤ᠂ ᠰᠠᠭᠤᠷᠢ ᠲᠤᠭ᠎ᠠ ᠪᠦᠷᠢᠳᠬᠡᠯ ᠲᠣᠳᠣᠷᠬᠠᠢ᠂ ᠪᠠᠶᠢᠳᠠᠯ ᠲᠣᠳᠣᠷᠬᠠᠢ᠂ ᠲᠤᠭ᠎ᠠ ᠪᠠᠷᠢᠮᠲᠠ ᠣᠨᠣᠪᠴᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠰᠤᠮᠤ ᠪᠠᠯᠭᠠᠰᠤ ᠲᠠᠯᠠᠪᠠᠶ᠂ ᠭᠠᠴᠠᠭ᠎ᠠ ᠲᠣᠰᠬᠤᠨ᠂ ᠡᠷᠦᠬᠡ ᠳᠠᠷᠠᠭᠠᠯᠠᠨ ᠳᠠᠭᠠᠭᠠᠴᠠ ᠠᠴᠠ ᠬᠡᠲᠦᠷᠡᠭᠰᠡᠨ ᠬᠡᠮᠵᠢᠶ᠎ᠡ ᠶᠢ ᠬᠢᠨᠠᠨ ᠬᠠᠷᠭᠤᠭᠤᠯᠵᠤ᠂ ᠳᠠᠭᠠᠭᠠᠴᠠ ᠠᠴᠠ ᠬᠡᠲᠦᠷᠡᠭᠰᠡᠨ ᠮᠠᠯ ᠢ ᠲᠠᠷᠬᠠᠭᠠᠨ ᠰᠠᠯᠭᠠᠬᠤ ᠲᠥᠯᠥᠪᠯᠡᠭᠡ ᠪᠠ ᠠᠷᠭ᠎ᠠ ᠮᠠᠶ᠋ᠢᠭ ᠢ ᠲᠣᠳᠣᠷᠬᠠᠶᠢᠯᠠᠵᠤ᠂ ᠨᠢᠭᠡ ᠡᠷᠦᠬᠡ ᠳᠤ ᠨᠢᠭᠡ ᠵᠦᠢᠯ ᠤᠨ ᠠᠷᠭ᠎ᠠ ᠪᠣᠳᠣᠯᠭ᠎ᠠ ᠠᠪᠴᠤ᠂ ᠬᠠᠷᠠᠯᠲᠠ ᠲᠠᠢ ᠪᠠᠷ ᠠᠵᠢᠯᠯᠠᠬᠤ ᠶᠢ ᠪᠡᠶᠡᠯᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ ᠶᠢᠨ ᠬᠠᠮᠢᠶ᠎ᠠ ᠪᠦᠬᠦᠢ ᠲᠥᠰᠥᠯ ᠤᠨ ᠪᠣᠷᠣ ᠲᠥᠯᠥᠪ ᠤᠨ ᠳᠣᠣᠷ᠎ᠠ᠂ ᠭᠠᠵᠠᠷ ᠣᠷᠣᠨ ᠤ ᠪᠣᠳᠠᠲᠠᠢ ᠪᠠᠨ ᠦᠨᠳᠦᠰᠦᠯᠡᠨ ᠠᠵᠢᠯ ᠤᠨ ᠲᠥᠰᠥᠯ ᠢᠶᠠᠨ ᠲᠠᠰᠤᠷᠠᠯᠲᠠ ᠦᠭᠡᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠲᠣᠭᠲᠠᠭᠠᠨ᠂ ᠬᠡᠮᠵᠢᠶᠡᠵᠢᠭᠦᠯᠵᠦ ᠪᠣᠯᠬᠤ᠂ ᠨᠠᠶᠢᠳᠠᠪᠤᠷᠢᠵᠢᠭᠤᠯᠵᠤ ᠪᠣᠯᠬᠤ᠂ ᠬᠡᠷᠡᠭᠵᠢᠭᠦᠯᠵᠦ ᠪᠣᠯᠬᠤ᠂ ᠦᠨᠡᠯᠡᠵᠦ ᠪᠣᠯᠬᠤ ᠶᠢ ᠪᠡᠶᠡᠯᠡᠭᠦᠯᠵᠦ᠂ ᠨᠠᠷᠢᠨ ᠳᠠᠩᠰᠠ ᠶᠢᠨ ᠮᠠᠶ᠋ᠢᠭ ᠢᠶᠠᠷ ᠨᠠᠶᠢᠳᠠᠪᠤᠷᠢᠵᠢᠭᠤᠯᠬᠤ ᠠᠷᠭ᠎ᠠ ᠮᠠᠶ᠋ᠢᠭ ᠢᠶᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡ ᠨᠢᠭᠡ ᠪᠠᠷ ᠳ᠋ᠤᠭᠠᠷ ᠢ ᠬᠠᠰᠣᠬᠤ ᠬᠡᠷᠡᠭᠲᠡᠢ᠃ ᠣᠶ ᠰᠢᠭᠤᠢ ᠨᠣᠲᠤᠭ ᠪᠡᠯᠴᠢᠭᠡᠷ ᠤᠨ ᠰᠠᠯᠠᠭ᠎ᠠ ᠮᠥᠴᠢᠷ ᠨᠢ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠯᠤᠭ᠎ᠠ ᠨᠡᠶᠢᠯᠡᠮᠡᠯ ᠬᠦᠴᠦᠨ ᠪᠦᠷᠢᠯᠳᠦᠭᠦᠯᠵᠦ᠂ ᠬᠠᠰᠢᠶᠠᠯᠠᠨ ᠲᠡᠵᠢᠭᠡᠬᠦ ᠶᠢ ᠬᠥᠭᠵᠢᠭᠦᠯᠬᠦ᠂ ᠡᠪᠡᠰᠦ ᠪᠣᠷᠳᠤᠭ᠎ᠠ ᠳᠠᠷᠢᠬᠤ ᠲᠠᠯᠠᠪᠠᠶ ᠶᠢ ᠨᠡᠮᠡᠭᠳᠡᠭᠦᠯᠬᠦ᠂ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ︽ᠲᠠᠷᠬᠠᠭᠠᠬᠤ︾ ᠠᠵᠢᠯ ᠢ ᠰᠠᠶᠢᠲᠤᠷ ᠬᠢᠬᠦ ᠶᠢᠨ ᠬᠠᠮᠲᠤ ᠪᠠᠰᠠ ᠡᠪᠡᠰᠦ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠰᠡᠯᠡᠭᠦᠨ  ᠮᠠᠯᠵᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ᠂ ᠨᠤᠲᠤᠭ ᠪᠡᠯᠴᠢᠭᠡᠷ ᠤᠨ ᠬᠡᠲᠦ ᠮᠠᠯᠵᠢᠬᠤ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠤᠷᠢᠨ ᠪᠠᠶᠢᠴᠠᠭᠠᠬᠤ ᠶᠢ ᠴᠢᠩᠭᠠᠳᠬᠠᠬᠤ ᠵᠡᠷᠭᠡ ᠲᠠᠯ᠎ᠠ ᠪᠠᠷ ︽ᠬᠠᠰᠢᠬᠤ︾ ᠠᠵᠢᠯ ᠢ ᠦᠷᠭᠦᠯᠵᠢᠯᠡᠨ ᠬᠦᠴᠦᠯᠡᠨ ᠰᠠᠶᠢᠲᠤᠷ ᠬᠢᠵᠦ᠂ ᠨᠤᠲᠤᠭ ᠪᠡᠯᠴᠢᠭᠡᠷ ᠤᠨ ᠬᠡᠲᠦ ᠮᠠᠯᠵᠢᠬᠤ ᠠᠰᠠᠭᠤᠳᠠᠯ ᠢ ᠰᠢᠢᠳᠪᠦᠷᠢᠯᠡᠬᠦ᠂ ᠨᠤᠲᠤᠭ ᠪᠡᠯᠴᠢᠭᠡᠷ ᠤᠨ ᠴᠢᠨᠠᠷ ᠰᠠᠶᠢᠲᠠᠢ ᠬᠠᠮᠠᠭᠠᠯᠠᠯᠲᠠ ᠶᠢᠨ ᠬᠥᠭᠵᠢᠯᠲᠡ ᠶᠢ ᠪᠡᠶᠡᠯᠡᠭᠦᠯᠬᠦ ᠳᠤ ᠰᠠᠶᠢᠨ ᠲᠤᠷᠰᠢᠯᠭ᠎ᠠ ᠪᠠ ᠰᠡᠳᠬᠢᠮᠵᠢ ᠶᠢ ᠬᠠᠩᠭᠠᠬᠤ ᠬᠡᠷᠡᠭᠲᠡᠢ᠃ ᠨᠤᠲᠤᠭ ᠪᠡᠯᠴᠢᠭᠡᠷ ᠠᠮᠢ ᠠᠬᠤᠢ ᠶᠢ ᠬᠠᠮᠠᠭᠠᠯᠠᠬᠤ ᠠᠰᠢᠭᠯᠠᠬᠤ ᠲᠥᠷᠥ ᠶᠢᠨ ᠪᠣᠳᠣᠯᠭ᠎ᠠ ᠳᠦᠷᠢᠮ ᠢ ᠥᠷᠭᠡᠨ ᠢᠶᠠᠷ ᠤᠬᠠᠭᠤᠯᠵᠤ᠂ ᠡᠷᠦᠬᠡ ᠪᠣᠯᠭᠠᠨ ᠳᠤ ᠮᠡᠳᠡᠭᠦᠯᠬᠦ ᠶᠢ ᠪᠡᠶᠡᠯᠡᠭᠦᠯᠦᠨ᠂ ᠮᠠᠯᠴᠢᠨ ᠲᠠᠷᠢᠶᠠᠴᠢᠨ ᠤ ᠨᠤᠲᠤᠭ ᠪᠡᠯᠴᠢᠭᠡᠷ ᠢ ᠬᠠᠮᠠᠭᠠᠯᠠᠬᠤ᠂ ᠡᠪᠡᠰᠦ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠡᠭᠦᠨ ᠮᠠᠯᠵᠢᠬᠤ ᠳᠦᠷᠢᠮ ᠢ ᠨᠠᠶᠢᠳᠠᠪᠤᠷᠢᠵᠢᠭᠤᠯᠬᠤ ᠤᠬᠠᠮᠰᠠᠷᠲᠤ ᠴᠢᠨᠠᠷ ᠢ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠴᠢᠩᠭᠠᠳᠬᠠᠪᠠ᠃     ᠪᠦᠦ ᠸᠧᠨ ᠯᠠᠨ ᠢᠯᠡᠷᠬᠡᠶᠢᠯᠡᠬᠦ ᠳᠡᠭᠡᠨ᠂ ᠵᠠᠷᠤᠳ ᠬᠤᠰᠢᠭᠤᠨ ᠤ ᠬᠢᠨ ᠭᠠᠵᠠᠷ ᠣᠷᠣᠨ ᠤ ᠪᠣᠳᠠᠲᠤ ᠪᠠᠶᠢᠳᠠᠯ ᠢᠶᠠᠨ ᠦᠨᠳᠦᠰᠦᠯᠡᠨ᠂ ᠲᠣᠰ ᠤᠳᠠᠭᠠᠨ ᠤ ᠰᠠᠭᠤᠳᠠᠯ ᠤᠨ ᠬᠤᠷᠠᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠲᠠᠢ ᠤᠶᠠᠯᠳᠤᠭᠤᠯᠤᠨ ᠠᠵᠢᠯ ᠤᠨ ᠬᠡᠷᠡᠭᠵᠢᠭᠦᠯᠬᠦ ᠲᠥᠰᠥᠯ ᠢᠶᠠᠨ ᠲᠠᠰᠤᠷᠠᠯᠲᠠ ᠦᠭᠡᠢ ᠨᠠᠷᠢᠯᠢᠭᠵᠢᠭᠤᠯᠵᠤ᠂ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠠᠯᠴᠢᠨ ᠲᠠᠷᠢᠶᠠᠴᠢᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠨᠤᠲᠤᠭ ᠪᠡᠯᠴᠢᠭᠡᠷ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠴᠢᠩᠭ᠎ᠠ ᠪᠣᠶ ᠪᠣᠯᠭᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠡᠪᠡᠰᠦ ᠮᠠᠯ ᠢ ᠲᠡᠩᠴᠡᠭᠦᠷᠢ ᠲᠠᠢ ᠪᠠᠶᠢᠯᠭᠠᠬᠤ ᠲᠥᠷᠥ ᠶᠢᠨ ᠪᠣᠳᠣᠯᠭ᠎ᠠ ᠶᠢ ᠤᠬᠠᠮᠰᠠᠷ ᠠᠴᠠ ᠪᠠᠨ ᠵᠢᠷᠣᠮᠯᠠᠨ᠎ᠠ᠃ ᠡᠪᠡᠰᠦ ᠪᠣᠷᠳᠤᠭ᠎ᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠡᠪᠡᠰᠦᠨ ᠤ ᠠᠵᠤ ᠦᠢᠯᠡᠰ ᠤᠨ ᠬᠥᠭᠵᠢᠯᠲᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ  ᠲᠡᠭᠦᠯᠳᠡᠷᠵᠢᠭᠦᠯᠦᠨ᠎ᠡ᠃ ᠬᠠᠷᠢᠶ᠎ᠠ ᠣᠷᠣᠨ ᠤ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠡᠭᠦᠨ ᠮᠠᠯᠵᠢᠬᠤ ᠪᠠᠶᠢᠳᠠᠯ ᠳᠤ ᠪᠠᠶᠢᠩᠭᠤ ᠶᠢᠨ ᠴᠢᠨᠠᠷᠲᠠᠢ ᠲᠣᠭᠤᠷᠢᠨ ᠪᠠᠶᠢᠴᠠᠭᠠᠯᠲᠠ ᠥᠷᠨᠢᠭᠦᠯᠬᠦ ᠶᠢ ᠦᠷᠭᠦᠯᠵᠢᠯᠡᠨ ᠴᠢᠩᠭᠠᠳᠬᠠᠵᠤ᠂ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠤᠯᠠᠭᠠᠶᠢᠯᠠᠨ ᠮᠠᠯᠵᠢᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠮᠢᠶ᠎ᠠ ᠪᠦᠬᠦᠢ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠡᠭᠦᠨ ᠮᠠᠯᠵᠢᠬᠤ ᠪᠠ ᠡᠪᠡᠰᠦ ᠮᠠᠯ ᠢ ᠲᠡᠩᠴᠡᠭᠦᠷᠢ ᠲᠠᠢ ᠪᠠᠶᠢᠯᠭᠠᠬᠤ ᠠᠵᠢᠯ ᠤᠨ ᠡᠭᠦᠷᠭᠡ ᠶᠢ ᠦᠨᠡᠨᠬᠦ ᠪᠣᠳᠠᠲᠠᠢ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ ᠴᠢᠳᠠᠪᠤᠷᠢ ᠶᠢᠨ ᠬᠢᠷᠢ ᠬᠡᠮᠵᠢᠶ᠎ᠡ ᠪᠠᠨ ᠦᠨᠡᠨᠬᠦ ᠳᠡᠭᠡᠭᠰᠢᠯᠡᠭᠦᠯᠦᠨ᠎ᠡ ᠭᠡᠪᠡ᠃     ᠰᠠᠭᠤᠳᠠᠯ ᠤᠨ ᠬᠤᠷᠠᠯ ᠳᠠᠭᠤᠰᠣᠭᠰᠠᠨ ᠤ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠴᠢᠪᠠᠭᠠᠲᠤ ᠰᠤᠮᠤ ᠶᠢᠨ ᠨᠠᠷᠢᠨ ᠭᠠᠴᠠᠭ᠎ᠠ᠂ ᠴᠢᠪᠠᠭᠠᠲᠤ ᠭᠠᠴᠠᠭ᠎ᠠ ᠵᠡᠷᠭᠡ ᠭᠠᠵᠠᠷ ᠲᠤ ᠬᠦᠷᠴᠦ᠂ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠬᠦ ᠪᠠᠶᠢᠯᠳᠤᠭᠠᠨ ᠤ ᠠᠵᠢᠯ᠂ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠵᠦ ᠪᠥᠬᠦ ᠲᠣᠰᠬᠤᠨ ᠢᠶᠠᠷ ᠠᠬᠢᠭᠤᠯᠬᠤ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号