| 4 ᠰᠠᠷ᠎ᠠ ᠶᠢᠨ 11 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠪᠦᠦ ᠸᠧᠨ ᠯᠠᠨ ᠪᠥᠬᠦ ᠬᠤᠰᠢᠭᠤᠨ ᠤ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠠᠵᠢᠯ ᠢ | ᠠᠬᠢᠭᠤᠯᠬᠤ ᠬᠤᠷᠠᠯ ᠢ ᠡᠷᠬᠢᠯᠡᠪᠡ᠃ ᠶᠣᠣ ᠼᠠᠢ ᠶᠠᠨ᠂ ᠢᠦᠢ ᠬᠠᠢ ᠪᠦᠦ᠂ ᠼᠦᠢ ᠯᠧᠢ ᠯᠧᠢ᠂ ᠱᠠᠨ ᠬᠤᠸᠠ ᠴᠢ᠂ | ᠵᠠᠩ ᠯᠢ ᠭᠦᠸᠧ᠂ ᠫᠠᠨ ᠫᠧᠩ ᠹᠧᠢ ᠵᠡᠷᠭᠡ ᠬᠤᠰᠢᠭᠤᠨ ᠤ ᠤᠳᠤᠷᠢᠳᠤᠯᠭ᠎ᠠ ᠬᠤᠷᠠᠯ ᠳᠤ ᠣᠷᠣᠯᠴᠠᠵᠤ᠂ | ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠵᠢᠴᠢ ᠬᠤᠰᠢᠭᠤᠨ ᠤ | ᠵᠠᠰᠠᠭ ᠤᠨ ᠣᠷᠳᠣᠨ ᠤ ᠠᠯᠪᠠᠨ ᠭᠡᠷ ᠤᠨ ᠡᠯ᠎ᠡ ᠳᠡᠳ᠋ ᠡᠷᠬᠢᠯᠡᠭᠴᠢ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠪᠦᠬᠦ ᠬᠤᠳᠠ ᠶᠢᠨ ᠭᠤᠣᠯᠳᠠᠯᠭ᠎ᠠ ᠲᠠᠢ ᠠᠵᠢᠯ ᠤᠨ ᠬᠤᠣᠰ ᠰᠠᠷ᠎ᠠ ᠶᠢᠨ ᠬᠦᠦᠷᠨᠢᠯ | ᠰᠢᠭᠦᠮᠵᠢ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠡᠯ᠎ᠡ ᠬᠤᠪᠢᠳᠠᠨ ᠬᠠᠮᠢᠶᠠᠷᠴᠤ ᠪᠦᠬᠦᠢ | ᠤᠳᠤᠷᠢᠳᠤᠯᠭ᠎ᠠ ︽ᠵᠢᠷᠭᠤᠭᠠᠨ ᠢᠨᠵᠧᠨᠧᠷᠢᠩ︾ ᠤᠨ ᠠᠵᠢᠯ ᠤᠨ ᠰᠢᠨ᠎ᠡ ᠰᠡᠳᠬᠢᠴᠡ ᠪᠣᠯᠣᠨ ᠰᠢᠨ᠎ᠡ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠲᠤᠬᠠᠢ ᠬᠠᠷᠢᠭᠤ ᠮᠡᠳᠡᠭᠦᠯᠦᠯᠲᠡ ᠬᠢᠵᠦ᠂ ᠡᠯ᠎ᠡ ᠲᠦᠷᠦᠭᠦᠯᠡᠨ ᠬᠢᠬᠦ ᠨᠢᠭᠡᠴᠡ ᠶᠢᠨ | ᠬᠢᠨ ᠨᠥᠬᠦᠪᠦᠷᠢ ᠶᠠᠷᠢᠶ᠎ᠠ ᠲᠠᠯᠪᠢᠪᠠ᠃ | ᠪᠦᠦ ᠸᠧᠨ ᠯᠠᠨ ᠴᠢᠬᠤᠯᠠᠴᠢᠯᠠᠭᠰᠠᠨ ᠨᠢ᠂ ︽ᠵᠢᠷᠭᠤᠭᠠᠨ ᠢᠨᠵᠧᠨᠧᠷᠢᠩ︾ ᠪᠣᠯ ᠡᠨᠡ ᠵᠢᠯ ᠤᠨ ᠡᠯ᠎ᠡ | ᠵᠦᠢᠯ ᠤᠨ ᠠᠵᠢᠯ ᠢ ᠪᠡᠶᠡᠯᠡᠭᠦᠯᠬᠦ ᠶᠢᠨ ︽ᠵᠠᠩᠭᠢᠯᠠᠭ᠎ᠠ︾ ᠪᠣᠯᠣᠨ᠎ᠠ᠂ ᠦᠵᠡᠯ ᠰᠠᠨᠠᠭ᠎ᠠ ᠲᠠᠨᠢᠯᠲᠠ ᠪᠠᠨ ᠦᠨᠡᠨᠬᠦ | ᠳᠡᠭᠡᠭᠰᠢᠯᠡᠭᠦᠯᠵᠦ᠂ ᠪᠣᠳᠠᠲᠠᠢ ᠠᠳᠬᠤᠵᠤ᠂ ᠱᠠᠯᠠᠪᠳᠠᠨ ᠬᠢᠵᠦ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠣᠳᠠᠲᠠᠢ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠲᠦᠷᠦᠭᠦᠯᠡᠨ ᠬᠢᠬᠦ ᠤᠳᠤᠷᠢᠳᠤᠯᠭ᠎ᠠ ᠨᠢ ᠨᠢᠭᠡᠳᠦᠯᠲᠡᠢ | ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ᠂ ᠠᠵᠢᠯ ᠤᠨ ᠬᠠᠷᠠᠯᠲᠠ᠂ ᠪᠡᠶᠡᠯᠡᠭᠦᠯᠬᠦ ᠴᠠᠭ ᠬᠤᠭᠤᠴᠠᠭ᠎ᠠ᠂ | ᠲᠣᠪᠣᠶᠢᠮ᠎ᠠ ᠠᠰᠠᠭᠤᠳᠠᠯ ᠵᠡᠷᠭᠡ ᠶᠢᠨ ᠲᠣᠭᠤᠷᠢᠨ ᠳᠤ ᠪᠡᠶ᠎ᠡ ᠪᠠᠷ ᠢᠶᠠᠨ ᠰᠤᠳᠤᠯᠵᠤ᠂ ᠡᠮᠦᠨ᠎ᠡ ᠨᠢ ᠵᠢᠯᠤᠭᠤᠳᠴᠤ᠂ | ᠬᠤᠪᠢᠳᠠᠨ ᠬᠠᠮᠢᠶᠠᠷᠴᠤ ᠪᠦᠬᠦᠢ ᠬᠦᠷᠢᠶ᠎ᠡ ᠴᠠᠷᠠᠭ᠎ᠠ ᠶᠢᠨ ᠢᠨᠵᠧᠨᠧᠷᠢᠩ ᠢ ᠵᠠᠯᠭᠠᠨ ᠵᠣᠯᠭᠠᠭᠤᠯᠵᠤ ᠬᠡᠷᠡᠭᠵᠢᠭᠦᠯᠬᠦ ᠶᠢ | ᠦᠨᠡᠨᠬᠦ ᠰᠠᠶᠢᠲᠤᠷ ᠠᠳᠬᠤᠬᠤ ᠬᠡᠷᠡᠭᠲᠡᠢ᠃ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠬᠢᠨ ᠤᠯᠤᠰ | ᠲᠦᠷᠦ ᠶᠢᠨ ᠬᠠᠷᠢᠭᠤᠴᠠᠯᠭ᠎ᠠ ᠪᠠᠨ ᠯᠠᠪᠳᠠᠭᠤᠨ ᠡᠭᠦᠷᠭᠡᠯᠡᠵᠦ᠂ ᠲᠦᠷᠦᠭᠦᠯᠡᠨ ᠶᠡᠷᠦᠩᠬᠡᠢ ᠠᠵᠢᠯ ᠢ ᠠᠳᠬᠤᠬᠤ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠡᠪᠲᠡᠷᠡᠯᠴᠡᠨ ᠵᠣᠯᠭᠠᠭᠤᠯᠬᠤ ᠶᠢ ᠪᠦᠬᠦ ᠲᠠᠯ᠎ᠠ ᠪᠠᠷ ᠰᠠᠶᠢᠲᠤᠷ ᠬᠢᠵᠦ᠂ | ᠠᠵᠢᠯᠯᠠᠭ᠎ᠠ ᠨᠢ ︽ᠲᠦᠷᠭᠡᠨ︾᠂ ᠠᠷᠭ᠎ᠠ ᠬᠡᠮᠵᠢᠶ᠎ᠡ ᠨᠢ ︽ᠣᠨᠣᠪᠴᠢᠲᠠᠢ︾᠂ ᠦᠷ᠎ᠡ ᠪᠦᠲᠦᠮᠵᠢ ᠨᠢ ︽ᠪᠣᠳᠠᠲᠠᠢ︾ | ᠪᠠᠶᠢᠬᠤ ᠶᠢ ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾ ᠪᠣᠯᠣᠨ ︽ᠬᠤᠶᠠᠷ ᠶᠡᠭᠡ ᠶᠠᠪᠤᠳᠠᠯ︾ ᠵᠡᠷᠭᠡ ᠡᠯ᠎ᠡ | ᠵᠦᠢᠯ ᠤᠨ ᠭᠤᠣᠯᠳᠠᠯᠭ᠎ᠠ ᠲᠠᠢ ᠠᠵᠢᠯ ᠢ ᠵᠣᠬᠢᠰᠲᠠᠢ ᠵᠣᠯᠭᠠᠭᠤᠯᠵᠤ᠂ ᠡᠮᠬᠢ ᠳᠢᠭᠯᠢᠮ ᠲᠠᠢ ᠨᠠᠪᠲᠠᠷᠡᠭᠦᠯᠵᠦ᠂ ᠦᠨᠡᠨ | ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠪᠡ᠃ | ᠪᠦᠦ ᠸᠧᠨ ᠯᠠᠨ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠬᠢᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠢ ᠨᠢᠭᠡᠳ ᠨᠢᠭᠡ ᠪᠠᠷ ᠬᠠᠷᠭᠤᠭᠤᠯᠵᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠢᠳᠡᠪᠬᠢᠲᠡᠢ ᠪᠠᠷ ᠳᠡᠭᠡᠲᠦ ᠱᠠᠲᠤ ᠲᠠᠢ | ᠨᠡᠪᠲᠡᠷᠡᠯᠴᠡᠨ ᠵᠣᠯᠭᠠᠭᠤᠯᠵᠤ᠂ ᠲᠡᠷᠡ ᠶᠣᠰᠣᠭᠠᠷ ᠨᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ᠨᠢᠭᠡᠳᠦᠯᠲᠡᠢ ᠲᠥᠯᠥᠪᠯᠡᠨ ᠠᠷᠭ᠎ᠠ ᠰᠦᠪᠡᠭᠴᠢᠯᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ | ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠳᠣᠯᠠᠭᠠᠴᠠᠯᠭᠠ ᠶᠢᠨ ᠢᠨᠵᠧᠨᠧᠷᠢᠩ᠂ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠭᠡ ᠮᠡᠷᠭᠡᠵᠢᠯ ᠤᠨ ︽ᠪᠦᠰᠡᠯᠡᠯᠲᠡ ᠶᠢ | ᠰᠢᠪᠲᠤᠯᠬᠤ︾ ᠢᠨᠵᠧᠨᠧᠷᠢᠩ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ | ᠨᠠᠶᠢᠳᠠᠪᠤᠷᠢᠵᠢᠭᠤᠯᠬᠤ ᠲᠠᠯ᠎ᠠ ᠪᠠᠷ᠂ ᠨᠠᠷᠢᠨ ᠨᠢᠮᠪᠠᠢ ᠲᠥᠯᠥᠪᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠠᠵᠢᠯ ᠤᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠨᠢᠭᠡ ᠶᠢ ᠬᠢᠪᠡᠯ ᠨᠢᠭᠡ ᠶᠢ ᠪᠦᠲᠦᠭᠡᠬᠦ ᠶᠢ | ᠪᠠᠲᠤᠯᠠᠵᠤ᠂ ᠪᠣᠳᠠᠲᠠᠢ ᠲᠦᠷᠦᠯ ᠵᠦᠢᠯ ᠪᠣᠯᠣᠨ ᠴᠠᠭ ᠬᠤᠭᠤᠴᠠᠭ᠎ᠠ ᠶᠢᠨ ᠵᠠᠩᠭᠢᠯᠠᠭ᠎ᠠ ᠴᠡᠭ ᠢ ᠦᠨᠳᠦᠰᠦᠯᠡᠨ ᠡᠯ᠎ᠡ | ᠵᠦᠢᠯ ᠤᠨ ᠠᠵᠢᠯ ᠤᠨ ᠡᠬᠡ ᠲᠠᠩᠰᠠ ᠶᠢ ᠲᠠᠰᠤᠷᠠᠯᠲᠠ ᠦᠭᠡᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠡᠯ᠎ᠡ | ᠵᠦᠢᠯ ᠤᠨ ᠢᠨᠵᠧᠨᠧᠷᠢᠩ ᠢ ᠰᠠᠭᠤᠷᠢ ᠲᠤᠭ᠎ᠠ ᠲᠣᠳᠣᠷᠬᠠᠢ᠂ ᠪᠠᠶᠢᠳᠠᠯ ᠢ ᠲᠣᠳᠣᠷᠬᠠᠢ ᠪᠣᠯᠭᠠᠬᠤ ᠶᠢ ᠪᠠᠲᠤᠯᠠᠬᠤ | ᠬᠡᠷᠡᠭᠲᠡᠢ᠃ ᠪᠤᠰᠢᠭᠤ ᠱᠠᠯᠠᠮᠠᠭᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠠᠶᠢᠳᠠᠪᠤᠷᠢᠵᠢᠭᠤᠯᠬᠤ ᠠᠷᠭ᠎ᠠ | ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠢᠨᠵᠧᠨᠧᠷᠢᠩ ᠤᠨ ᠠᠬᠢᠴᠠ ᠶᠢ ᠲᠦᠷᠭᠡᠳᠬᠡᠨ᠂ ᠬᠢᠨᠠᠨ | ᠰᠢᠯᠭᠠᠵᠤ ᠬᠢᠨᠠᠯᠲᠠ ᠲᠠᠯᠪᠢᠬᠤ ᠶᠢ ᠴᠢᠩᠳᠠᠯᠠᠵᠤ᠂ ︽ᠵᠢᠷᠭᠤᠭᠠᠨ ᠢᠨᠵᠧᠨᠧᠷᠢᠩ︾ ᠤᠨ ᠡᠭᠦᠷᠭᠡ ᠶᠢᠨ ᠴᠢᠨᠠᠷ | ᠴᠢᠨᠰᠠᠭ᠎ᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃ | | | |