| 4 ᠰᠠᠷ᠎ᠠ ᠶᠢᠨ 11 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ ᠢᠦᠢ ᠯᠢᠩ ᠬᠤᠸ ᠤᠯᠠᠭᠠᠨᠬᠠᠳᠠ ᠰᠤᠮᠤᠨ ᠳᠤ ᠬᠦᠷᠴᠦ ᠪᠠᠶᠢᠴᠠᠭᠠᠨ | ᠰᠤᠳᠤᠯᠤᠯᠲᠠ ᠬᠢᠭᠰᠡᠨ ᠪᠥᠭᠡᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ᠂ ᠬᠥᠳᠡᠭᠡ | ᠲᠣᠰᠬᠤᠨ ᠤ ᠪᠣᠯᠪᠠᠰᠤᠨ ᠤ ᠪᠠᠶᠢᠭᠤᠯᠤᠯᠲᠠ ᠪᠠ ᠭᠠᠴᠠᠭᠠᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ | ᠵᠡᠷᠭᠡ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ | ᠬᠡᠯᠲᠡᠰ᠂ ᠤᠯᠠᠭᠠᠨᠬᠠᠳᠠ ᠰᠤᠮᠤ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ | ᠬᠢᠪᠡ᠃ | ᠢᠦᠢ ᠯᠢᠩ ᠬᠤᠤ ᠬᠠᠮᠲᠤ ᠶᠠᠪᠣᠭᠰᠠᠳ ᠲᠠᠢ ᠪᠠᠨ ᠤᠷᠢᠳ ᠬᠤᠵᠢᠳ ᠤᠯᠠᠭᠠᠨᠬᠠᠳᠠ ᠰᠤᠮᠤ ᠶᠢᠨ ᠴᠠᠭᠠᠨ ᠡᠩᠭᠡᠷ | ᠭᠠᠴᠠᠭ᠎ᠠ ᠶᠢᠨ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ᠂ ᠪᠣᠯᠪᠠᠰᠤᠨ ᠪᠦᠯᠬᠦᠮᠳᠡᠯ ᠤᠨ | ᠬᠡᠳᠦ ᠳᠡᠯᠭᠡᠭᠦᠷ᠂ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠭᠡᠷ ᠪᠦᠯᠢ ᠪᠠ ᠰᠠᠶᠢᠪᠤᠷ ᠭᠠᠴᠠᠭ᠎ᠠ ᠶᠢᠨ | ᠡᠮ ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ᠂ ᠡᠷᠳᠡᠨᠢ ᠳᠣᠯᠭᠠᠭᠤᠷᠢ ᠭᠡᠷ ᠪᠦᠯᠢ ᠶᠢᠨ ᠮᠠᠯᠵᠢᠯ ᠤᠨ ᠲᠠᠯᠠᠪᠠᠶ | ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠨᠡᠪᠲᠡᠷᠡᠯᠴᠡᠵᠦ ᠰᠣᠯᠢᠯᠴᠠᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠤᠯᠠᠭᠠᠨᠬᠠᠳᠠ ᠰᠤᠮᠤ ᠶᠢᠨ ᠬᠥᠳᠡᠭᠡ ᠲᠣᠰᠬᠤᠨ ᠤ ᠪᠣᠯᠪᠠᠰᠤᠨ ᠤ | ᠪᠠᠶᠢᠭᠤᠯᠤᠯᠲᠠ᠂ ᠲᠠᠯ᠎ᠠ ᠨᠤᠲᠤᠭ ᠤᠨ ᠨᠣᠮ ᠤᠨ ᠥᠷᠥᠭᠡ᠂ ᠪᠣᠯᠪᠠᠰᠤᠨ ᠪᠦᠯᠬᠦᠮᠳᠡᠯ ᠤᠨ ᠬᠡᠲᠦ ᠳᠡᠯᠭᠡᠭᠦᠷ᠂ | ᠦᠨᠳᠦᠰᠦᠲᠡᠨ ᠤ ᠪᠦᠯᠬᠦᠮᠳᠡᠯ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠵᠡᠷᠭᠡ ᠠᠵᠢᠯ ᠢ ᠥᠷᠨᠢᠭᠦᠯᠦᠭᠰᠡᠨ | ᠪᠠᠶᠢᠳᠠᠯ ᠢ ᠨᠠᠷᠢᠨ ᠣᠶᠢᠯᠠᠭᠠᠪᠠ᠃ | ᠢᠦᠢ ᠯᠢᠩ ᠬᠤᠸ ᠱᠠᠭᠠᠷᠳᠠᠭᠰᠠᠨ ᠨᠢ᠂ ᠪᠣᠯᠪᠠᠰᠤᠨ ᠪᠦᠯᠬᠦᠮᠳᠡᠯ ᠤᠨ ᠬᠡᠲᠦ ᠳᠡᠯᠭᠡᠭᠦᠷ ᠤᠨ ᠬᠤᠪᠢ | ᠲᠣᠭᠲᠠᠭᠠᠬᠤ ᠰᠢᠰᠲ᠋ᠧᠮᠵᠢ ᠨᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠦᠨᠳᠦᠰᠦᠲᠡᠨ ᠤ ᠪᠦᠯᠬᠦᠮᠳᠡᠯ ᠵᠡᠷᠭᠡ | ᠣᠳᠣᠬᠠᠨ ᠤ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠤᠨ᠂ ᠬᠤᠪᠢ ᠬᠤᠷᠠᠮᠳᠤᠭᠤᠯᠬᠤ ᠠᠭᠤᠯᠭ᠎ᠠ᠂ ᠡᠳ᠋ | ᠪᠣᠳᠠᠰ ᠰᠣᠯᠢᠬᠤ ᠵᠡᠷᠭᠡ ᠲᠠᠯ᠎ᠠ ᠪᠠᠷ ᠮᠠᠯᠴᠢᠨ ᠲᠠᠷᠢᠶᠠᠴᠢᠨ ᠤ ᠰᠠᠨᠠᠯ ᠢ ᠥᠷᠭᠡᠨ ᠢᠶᠠᠷ ᠬᠤᠷᠢᠶᠠᠵᠤ᠂ ᠬᠡᠷᠡᠭᠵᠢᠭᠦᠯᠬᠦ | ᠨᠠᠷᠢᠨ ᠳᠦᠷᠢᠮ ᠲᠣᠭᠲᠠᠭᠠᠬᠤ ᠳᠤ ᠪᠣᠳᠠᠲᠠᠢ ᠲᠠᠢ ᠪᠠᠨ ᠣᠶᠠᠯᠳᠣᠭᠤᠯᠬᠤ ᠶᠢ ᠦᠨᠡᠨᠬᠦ ᠪᠠᠲᠤᠯᠠᠵᠤ᠂ ᠣᠯᠠᠨ ᠲᠦᠮᠡᠨ ᠢ | ᠬᠥᠲᠥᠯᠥᠨ ᠵᠢᠯᠤᠭᠤᠳᠴᠤ ᠪᠠᠶᠢᠭᠠᠳ ᠣᠷᠣᠯᠴᠠᠭᠤᠯᠬᠤ᠂ ᠥᠷᠲᠡᠭ ᠤᠨ ᠤᠳᠤᠷᠢᠳᠤᠮᠵᠢ ᠶᠢ ᠪᠣᠶ ᠪᠣᠯᠭᠠᠬᠤ᠂ ᠵᠠᠩ | ᠳᠠᠳᠬᠠᠯ ᠢ ᠥᠭᠡᠷᠡᠴᠢᠯᠡᠬᠦ ᠶᠢ ᠠᠬᠢᠭᠤᠯᠬᠤ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ ᠢ ᠰᠠᠨᠠᠭᠠᠴᠢᠯᠠᠬᠤ | ᠵᠣᠷᠢᠯᠭ᠎ᠠ ᠳᠤ ᠬᠦᠷᠬᠦ ᠬᠡᠷᠡᠭᠲᠡᠢ᠃ ᠲᠠᠯ᠎ᠠ ᠨᠤᠲᠤᠭ ᠤᠨ ᠨᠣᠮ ᠤᠨ ᠥᠷᠥᠭᠡ ᠨᠢ ᠦᠨᠳᠦᠰᠦᠨ ᠱᠠᠲᠤᠨ ᠤ | ᠰᠣᠶᠣᠯ ᠤᠨ ᠵᠢᠭᠰᠠᠭᠠᠯ ᠤᠨ ᠭᠠᠵᠠᠷ ᠤᠨ ᠰᠤᠷᠤᠯᠴᠠᠬᠤ ᠪᠠ ᠦᠢᠯᠡᠴᠢᠯᠡᠬᠦ ᠴᠢᠳᠠᠮᠵᠢ ᠪᠠᠨ ᠰᠠᠶᠢᠲᠤᠷ ᠪᠠᠳᠠᠷᠠᠭᠤᠯᠵᠤ᠂ | ᠨᠡᠭᠦᠳᠡᠯ ᠨᠣᠮ ᠤᠨ ᠳᠡᠯᠭᠡᠭᠡ ᠬᠤᠳᠠᠯᠳᠤᠭ᠎ᠠ᠂ ᠠᠷᠠᠳ ᠤᠨ ᠲᠠᠪᠴᠠᠩ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠣᠨ᠂ | ᠥᠷᠭᠡᠨ ᠣᠯᠠᠨ ᠮᠠᠯᠴᠢᠨ ᠲᠠᠷᠢᠶᠠᠴᠢᠨ ᠤ ᠨᠣᠮ ᠤᠩᠰᠢᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠬᠠᠮᠢᠶ᠎ᠠ | ᠪᠦᠬᠦᠢ ᠰᠠᠯᠠᠭ᠎ᠠ ᠮᠥᠴᠢᠷ ᠬᠢᠨ ᠲᠠᠯ᠎ᠠ ᠨᠤᠲᠤᠭ ᠤᠨ ᠨᠣᠮ ᠤᠨ ᠥᠷᠥᠭᠡ ᠶᠢᠨ ᠪᠠᠶᠢᠭᠤᠯᠤᠯᠲᠠ ᠶᠢ ᠲᠠᠰᠤᠷᠠᠯᠲᠠ | ᠦᠭᠡᠢ ᠲᠡᠭᠦᠯᠳᠡᠷᠵᠢᠭᠦᠯᠦᠨ᠂ ᠨᠣᠮ ᠪᠢᠴᠢᠭ ᠤᠨ ᠡᠳᠦᠷ ᠲᠤᠲᠤᠮ ᠤᠨ ᠬᠠᠮᠠᠭᠠᠯᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠨᠣᠮ ᠪᠢᠴᠢᠭ ᠢ ᠰᠢᠯᠵᠢᠭᠦᠯᠦᠨ ᠬᠡᠷᠡᠭᠯᠡᠬᠦ ᠪᠠ ᠰᠢᠨᠡᠳᠬᠡᠬᠦ ᠠᠵᠢᠯ ᠢ ᠲᠥᠯᠥᠪᠯᠡᠭᠡ ᠲᠠᠢ ᠪᠠᠷ | ᠥᠷᠨᠢᠭᠦᠯᠵᠦ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠬᠡᠷᠡᠭᠲᠡᠢ ᠭᠡᠪᠡ᠃ | ᠢᠦᠢ ᠯᠢᠩ ᠬᠤᠤ ᠴᠢᠬᠤᠯᠠᠴᠢᠯᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠣᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠤᠨ | ᠵᠢᠱᠢᠶ᠎ᠡ ᠦᠵᠡᠭᠦᠯᠬᠦ ᠭᠡᠷ ᠪᠦᠯᠢ ᠶᠢᠨ ᠳᠠᠶᠢᠴᠢᠯᠠᠨ ᠳᠠᠭᠠᠭᠤᠯᠬᠤ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ | ᠬᠦᠴᠦᠯᠡᠬᠦ ᠴᠡᠭ ᠪᠠ ᠭᠠᠷᠳᠠᠴᠠ ᠶᠢ ᠣᠨᠣᠪᠴᠢᠲᠠᠢ ᠣᠯᠵᠤ᠂ ᠨᠠᠮ ᠤᠨ ᠠᠷᠠᠳ ᠲᠤ ᠠᠰᠢᠭ ᠬᠦᠷᠲᠡᠭᠡᠬᠦ ᠴᠢᠭᠯᠡᠯᠲᠡ | ᠲᠦᠷᠦ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠲᠤᠰ ᠭᠠᠵᠠᠷ ᠣᠷᠣᠨ ᠤ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢ ᠡᠭᠦᠳᠦᠨ ᠪᠠᠶᠢᠭᠤᠯᠬᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠦᠨᠳᠦᠰᠦᠲᠡᠨ ᠤ | ᠪᠦᠯᠬᠦᠮᠳᠡᠯ ᠤᠨ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠵᠤ᠂ ᠮᠠᠯᠴᠢᠨ | ᠲᠠᠷᠢᠶᠠᠴᠢᠨ ᠤ ᠣᠶᠢᠯᠠᠭᠠᠬᠤ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ ᠣᠨᠴᠠᠯᠢᠭᠲᠤ ᠠᠵᠤ ᠦᠢᠯᠡᠰ ᠤᠨ | ᠬᠥᠭᠵᠢᠯᠲᠡ ᠶᠢ ᠲᠦᠷᠭᠡᠳᠬᠡᠵᠦ᠂ ᠳᠤᠰ ᠪᠡᠶ᠎ᠡ ᠶᠢᠨ ᠳᠠᠪᠠᠭᠤᠯᠢᠭ ᠲᠠᠢ ᠪᠠᠨ ᠤᠶᠠᠯᠳᠤᠭᠤᠯᠤᠨ᠂ ᠳᠤᠰ ᠭᠠᠵᠠᠷ | ᠣᠷᠣᠨ ᠳᠤ ᠪᠠᠨ ᠲᠣᠬᠢᠷᠠᠬᠤ ᠬᠢᠲᠠᠳ ᠡᠪᠡᠰᠦᠨ ᠡᠮ ᠳᠠᠷᠢᠬᠤ ᠣᠨᠴᠠᠯᠢᠭᠲᠤ ᠠᠵᠤ ᠦᠢᠯᠡᠰ ᠢ ᠣᠷᠣᠭᠤᠯᠤᠨ | ᠠᠪᠴᠢᠷᠠᠵᠤ᠂ ᠠᠯᠠᠰᠢᠨ ᠦᠬᠡᠷ ᠤᠨ ᠡᠭᠦᠯᠳᠡᠷ ᠰᠠᠶᠢᠵᠢᠷᠠᠭᠤᠯᠬᠤ ᠮᠡᠷᠭᠡᠵᠢᠯ ᠢ ᠳᠡᠭᠡᠭᠰᠢᠯᠡᠭᠦᠯᠵᠦ᠂ ᠬᠠᠮᠲᠤ ᠶᠢᠨ ᠠᠵᠤ | ᠠᠬᠤᠢ ᠶᠢ ᠪᠤᠵᠠᠭᠠᠶᠢᠷᠠᠭᠤᠯᠵᠤ᠂ ᠮᠠᠯᠴᠢᠨ ᠲᠠᠷᠢᠶᠠᠴᠢᠨ ᠤ ᠠᠮᠢᠳᠤᠷᠠᠯ ᠤᠨ ᠲᠦᠪᠰᠢᠨ ᠢ ᠦᠨᠡᠨᠬᠦ ᠳᠡᠭᠡᠭᠰᠢᠯᠡᠭᠦᠯᠵᠦ᠂ | ᠦᠨᠳᠦᠰᠦᠲᠡᠨ ᠨᠦᠭᠦᠳ ᠤᠨ ᠤᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ | ᠦᠨᠳᠦᠰᠦᠲᠡᠨ ᠤ ᠪᠦᠯᠬᠦᠮᠳᠡᠯ ᠤᠨ ᠠᠵᠢᠯ ᠤᠨ ᠰᠠᠭᠤᠷᠢ ᠶᠢ ᠨᠡᠩ ᠪᠠᠲᠤ ᠪᠠᠬᠢ ᠪᠣᠯᠭᠠᠬᠤ ᠬᠡᠷᠡᠭᠲᠡᠢ ᠭᠡᠪᠡ᠃ | | | | | |