| 4 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠠᠯᠪᠠᠨ ᠭᠡᠷ ᠤᠨ ᠳᠡᠳ᠋ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠸᠠᠩ ᠹᠧᠢ ᠬᠢᠨᠠᠨ ᠲᠣᠭᠲᠠᠭᠠᠬᠤ ᠳᠤᠭᠤᠶᠢᠯᠠᠩ | ᠳᠠᠭᠠᠭᠤᠯᠤᠨ ᠵᠠᠷᠤᠳ ᠬᠤᠰᠢᠭᠤᠨ ᠳᠤ ᠢᠷᠡᠵᠦ ᠤᠯᠤᠰ ᠤᠨ ᠠᠷᠢᠭᠤᠨ ᠴᠡᠪᠡᠷ ᠬᠤᠲᠠ ᠪᠠᠯᠭᠠᠰᠤ ᠶᠢ ᠡᠭᠦᠳᠦᠨ | ᠪᠠᠶᠢᠭᠤᠯᠬᠤ ᠬᠢᠨᠠᠨ ᠲᠣᠭᠲᠠᠭᠠᠬᠤ ᠠᠵᠢᠯ ᠢ ᠥᠷᠨᠢᠭᠦᠯᠦᠭᠰᠡᠨ ᠪᠥᠭᠡᠳ ᠬᠠᠷᠢᠭᠤ ᠮᠡᠳᠡᠭᠦᠯᠦᠯᠲᠡ ᠶᠢᠨ ᠬᠤᠷᠠᠯ ᠢ | ᠵᠣᠬᠢᠶᠠᠨ ᠪᠠᠶᠢᠭᠤᠯᠣᠨ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ | ᠸᠧᠨ ᠯᠠᠨ᠂ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ᠂ ᠵᠠᠩ ᠯᠢ ᠭᠦᠸᠧ ᠬᠤᠷᠠᠯ ᠳᠤ ᠣᠷᠣᠯᠴᠠᠪᠠ᠃ ᠬᠤᠲᠠ | ᠂ ᠬᠤᠰᠢᠭᠤ ᠬᠤᠶᠠᠷ ᠱᠠᠲᠤᠨ ᠤ ᠠᠷᠢᠭᠤᠨ ᠴᠡᠪᠡᠷ ᠬᠤᠲᠠ ᠪᠠᠶᠢᠭᠤᠯᠬᠤ ᠬᠠᠮᠢᠶ᠎ᠠ ᠪᠦᠬᠦᠢ ᠰᠠᠯᠠᠭ᠎ᠠ ᠮᠥᠴᠢᠷ | ᠨᠢᠭᠡᠴᠡ ᠶᠢᠨ ᠬᠠᠷᠢᠭᠤᠴᠠᠯᠭᠠᠲᠠᠨ ᠪᠠ ᠯᠦᠪᠸᠢ ᠪᠠᠯᠭᠠᠰᠤ᠂ ᠰᠢᠶᠠᠩᠱᠠᠨ ᠪᠠᠯᠭᠠᠰᠤ᠂ ᠬᠤᠩᠬᠠᠲᠤ ᠠᠭᠤᠯᠠ ᠪᠠᠯᠭᠠᠰᠤ᠂ | ᠭᠠᠭ᠋ᠠᠶᠢᠲᠤ ᠪᠠᠯᠭᠠᠰᠤ᠂ ᠯᠦᠪᠸᠢ ᠵᠡᠭᠡᠯᠢ ᠭᠤᠳᠤᠮᠵᠢ᠂ ᠯᠦᠪᠸᠢ ᠣᠶ ᠰᠢᠭᠤᠢ ᠶᠢᠨ ᠲᠠᠯᠠᠪᠠᠶ ᠶᠢᠨ ᠭᠤᠣᠯ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠠᠮᠲᠤ ᠪᠠᠷ ᠪᠦᠭᠦ ᠬᠤᠰᠢᠭᠤᠨ ᠤ ᠤᠯᠤᠰ ᠤᠨ ᠠᠷᠢᠭᠤᠨ ᠴᠡᠪᠡᠷ ᠬᠤᠲᠠ ᠪᠠᠯᠭᠠᠰᠤ ᠶᠢ | ᠡᠭᠦᠳᠦᠨ ᠪᠠᠶᠢᠭᠤᠯᠬᠤ ᠤᠬᠠᠭᠤᠯᠭ᠎ᠠ ᠶᠢᠨ ᠹᠢᠯᠢᠮ ᠢ ᠰᠣᠨᠢᠷᠬᠠᠪᠠ᠃ ᠪᠦᠦ ᠸᠧᠨ ᠯᠠᠨ ᠠᠴᠠ ᠪᠥᠬᠦ ᠬᠤᠰᠢᠭᠤᠨ ᠤ | ᠤᠯᠤᠰ ᠤᠨ ᠠᠷᠢᠭᠤᠨ ᠴᠡᠪᠡᠷ ᠬᠤᠲᠠ ᠪᠠᠯᠭᠠᠰᠤ ᠶᠢ ᠡᠭᠦᠳᠦᠨ ᠪᠠᠶᠢᠭᠤᠯᠤᠭᠰᠠᠨ ᠦᠨᠳᠦᠰᠦᠨ ᠪᠠᠶᠢᠳᠠᠯ᠂ | ᠣᠨᠴᠠᠯᠢᠭ ᠲᠠᠢ ᠬᠢᠯᠠᠰ ᠴᠡᠭ ᠤᠨ ᠠᠵᠢᠯ ᠪᠣᠯᠣᠨ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ | ᠠᠯᠬᠤᠮ ᠤᠨ ᠠᠵᠢᠯ ᠤᠨ ᠲᠥᠯᠥᠪᠯᠡᠭᠡ ᠶᠢᠨ ᠲᠤᠬᠠᠢ ᠨᠠᠷᠢᠨ ᠲᠣᠳᠣᠷᠬᠠᠢ ᠬᠠᠷᠢᠭᠤ ᠮᠡᠳᠡᠭᠦᠯᠦᠯᠲᠡ ᠬᠢᠪᠡ᠃ | ᠸᠠᠩ ᠹᠧᠢ ᠴᠢᠬᠤᠯᠠᠴᠢᠯᠠᠭᠰᠠᠨ ᠨᠢ᠂ ᠤᠯᠤᠰ ᠤᠨ ᠠᠷᠢᠭᠤᠨ ᠴᠡᠪᠡᠷ ᠬᠤᠲᠠ ᠪᠠᠯᠭᠠᠰᠤ ᠶᠢ ᠡᠭᠦᠳᠦᠨ | ᠪᠠᠶᠢᠭᠤᠯᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠵᠠᠷᠤᠳ ᠬᠤᠰᠢᠭᠤᠨ ᠤ ᠬᠢᠨ | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ᠣᠶᠢᠯᠠᠭᠠᠬᠤ ᠨᠣᠷᠮ᠎ᠠ ᠪᠠ ᠣᠷᠣᠯᠴᠠᠬᠤ | ᠬᠡᠮᠵᠢᠶ᠎ᠡ ᠶᠢ ᠳᠡᠭᠡᠭᠰᠢᠯᠡᠭᠦᠯᠦᠨ᠂ ᠥᠷᠭᠡᠨ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠠᠷᠢᠭᠤᠨ ᠴᠡᠪᠡᠷ | ᠬᠤᠲᠠ ᠪᠠᠶᠢᠭᠤᠯᠬᠤ ᠠᠵᠢᠯ ᠳᠤ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠣᠷᠣᠯᠴᠠᠭᠤᠯᠵᠤ᠂ ᠡᠯ᠎ᠡ ᠵᠦᠢᠯ ᠤᠨ | ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠥᠮᠥᠨ ᠪᠦᠬᠦᠨ ᠮᠡᠳᠡᠵᠦ᠂ ᠬᠥᠮᠥᠨ ᠪᠦᠬᠦᠨ ᠳᠡᠮᠵᠢᠵᠦ᠂ ᠬᠥᠮᠥᠨ | ᠪᠦᠬᠦᠨ ᠣᠷᠣᠯᠴᠠᠭᠰᠠᠨ ᠡᠭᠦᠳᠦᠨ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ | ᠡᠯ᠎ᠡ ᠬᠤᠯᠪᠣᠭᠳᠠᠯ ᠪᠦᠬᠦᠢ ᠨᠢᠭᠡᠴᠡ ᠬᠢᠨ ᠬᠢᠨᠠᠨ ᠲᠣᠭᠲᠠᠭᠠᠬᠤ ᠳᠤᠭᠤᠶᠢᠯᠠᠩ ᠲᠠᠢ ᠢᠳᠡᠪᠬᠢᠲᠡᠢ ᠬᠠᠮᠵᠢᠯᠴᠠᠵᠤ᠂ | ᠬᠠᠮᠲᠤ ᠪᠠᠷ ᠴᠢᠷᠮᠠᠶᠢᠵᠤ ᠪᠠᠶᠢᠭᠠᠳ ᠲᠣᠰ ᠤᠳᠠᠭᠠᠨ ᠤ ᠤᠯᠤᠰ ᠤᠨ ᠠᠷᠢᠭᠤᠨ ᠴᠡᠪᠡᠷ ᠬᠤᠲᠠ ᠪᠠᠯᠭᠠᠰᠤ ᠶᠢ | ᠡᠭᠦᠳᠦᠨ ᠪᠠᠶᠢᠭᠤᠯᠬᠤ ᠬᠢᠨᠠᠨ ᠲᠣᠭᠲᠠᠭᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠬᠦᠰᠡᠵᠦ ᠪᠠᠶᠢᠨ᠎ᠠ | ᠭᠡᠪᠡ᠃ | ᠪᠦᠦ ᠸᠧᠨ ᠯᠠᠨ ᠢᠯᠡᠷᠬᠡᠶᠢᠯᠡᠬᠦ ᠳᠡᠭᠡᠨ᠂ ᠵᠠᠷᠤᠳ ᠬᠤᠰᠢᠭᠤᠨ ᠤ ᠬᠢᠨ ᠲᠣᠰ ᠤᠳᠠᠭᠠᠨ ᠤ ᠤᠯᠤᠰ ᠤᠨ | ᠠᠷᠢᠭᠤᠨ ᠴᠡᠪᠡᠷ ᠬᠤᠲᠠ ᠪᠠᠯᠭᠠᠰᠤ ᠶᠢ ᠡᠭᠦᠳᠦᠨ ᠪᠠᠶᠢᠭᠤᠯᠬᠤ ᠠᠬᠤᠢ ᠲᠠᠯᠠᠪᠠᠶ ᠶᠢᠨ ᠬᠢᠨᠠᠨ ᠲᠣᠭᠲᠠᠭᠠᠯᠲᠠ ᠪᠠᠷ | ᠬᠥᠳᠡᠯᠭᠡᠬᠦ ᠬᠦᠴᠦᠨ ᠪᠣᠯᠭᠠᠵᠤ᠂ ᠡᠭᠦᠳᠦᠨ ᠪᠠᠶᠢᠭᠤᠯᠬᠤ ᠠᠵᠢᠯ ᠤᠨ ᠡᠷᠴᠢᠮ ᠢᠶᠠᠨ ᠲᠠᠰᠤᠷᠠᠯᠲᠠ ᠦᠭᠡᠢ | ᠴᠢᠩᠭᠠᠷᠠᠭᠤᠯᠵᠤ᠂ ᠠᠷᠢᠭᠤᠨ ᠴᠡᠪᠡᠷ ᠬᠤᠲᠠ ᠪᠠᠯᠭᠠᠰᠤ ᠡᠭᠦᠳᠦᠨ ᠪᠠᠶᠢᠭᠤᠯᠬᠤ ᠠᠵᠢᠯ ᠤᠨ ᠨᠠᠷᠢᠨ ᠵᠦᠢᠯᠡᠰ ᠤᠨ | ᠬᠠᠮᠢᠶᠠᠷᠤᠯᠲᠠ ᠶᠢ ᠴᠢᠩᠭᠠᠳᠬᠠᠨ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ᠂ | ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ ᠲᠤᠤᠱᠲᠠᠢ ᠠᠳᠬᠤᠵᠤ᠂ ᠡᠭᠦᠳᠦᠨ ᠪᠠᠶᠢᠭᠤᠯᠬᠤ ᠦᠷ᠎ᠡ | ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠢ ᠬᠠᠮᠲᠤ ᠪᠠᠷ | ᠪᠠᠶᠢᠭᠤᠯᠵᠤ ᠬᠠᠮᠲᠤ ᠪᠠᠷ ᠡᠳ᠋ᠯᠡᠬᠦ ᠳᠤᠮᠳᠠ ᠨᠠᠩ ᠢᠯᠡᠭᠦᠦ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ | ᠰᠡᠳᠬᠢᠯᠭᠡ ᠲᠠᠢ ᠪᠣᠯᠭᠠᠨ᠎ᠠ ᠭᠡᠪᠡ᠃ | |