ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ︽ᠮᠣᠩᠭᠤᠯ︾ ᠦᠰᠦᠭᠲᠦ ᠲᠡᠮᠳᠡᠭ ᠤᠨ ᠠᠵᠢᠯ ᠢ ᠠᠬᠢᠭᠤᠯᠬᠤ ᠳᠤᠭᠤᠶᠢᠯᠠᠩ ᠤᠨ ᠲᠤᠰᠬᠠᠢ ᠮᠡᠷᠭᠡᠵᠢᠯᠲᠡᠨ ᠤ ᠵᠥᠪᠯᠡᠯ ᠬᠢᠨ ᠵᠠᠷᠤᠳ ᠬᠤᠰᠢᠭᠤᠨ ᠤ ︽ᠮᠣᠩᠭᠤᠯ︾ ᠦᠰᠦᠭᠲᠦ ᠲᠡᠮᠳᠡᠭ ᠤᠨ ᠪᠦᠯᠬᠦᠮ ᠨᠡᠶᠢᠲᠡ ᠶᠢᠨ ᠪᠠᠷᠢᠮᠵᠢᠶ᠎ᠠ ᠶᠢᠨ ᠰᠤᠳᠤᠯᠭᠠᠨ ᠤ ᠲᠥᠷᠥᠯ ᠵᠦᠢᠯ ᠤᠨ ᠨᠤᠲᠠᠯᠠᠯᠲᠠ ᠳᠤ  ᠠᠬᠤᠢ ᠲᠠᠯᠠᠪᠠᠢ ᠶᠢᠨ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/4/19
61954307c8a12fbafb7f80152d980fa.jpg
    ︽ᠮᠣᠩᠭᠤᠯ︾ ᠦᠰᠦᠭᠲᠦ ᠲᠡᠮᠳᠡᠭ ᠤᠨ ᠭᠡᠷᠡᠴᠢᠯᠡᠭᠡ ᠶᠢ ᠤᠯᠠᠮ ᠨᠢᠭᠡ ᠠᠯᠬᠤᠮ ᠠᠬᠢᠭᠤᠯᠵᠤ᠂ ︽ᠮᠣᠩᠭᠤᠯ︾ ᠦᠰᠦᠭᠲᠦ ᠲᠡᠮᠳᠡᠭ ᠤᠨ ᠬᠡᠪᠴᠢᠶ᠎ᠡ ᠶᠢ ᠥᠷᠭᠡᠳᠬᠡᠨ ᠨᠡᠮᠡᠭᠳᠡᠭᠦᠯᠵᠦ ᠶᠠᠰᠤ ᠴᠢᠨᠠᠷ ᠢ ᠳᠡᠭᠡᠭᠰᠢᠯᠡᠭᠦᠯᠬᠦ ᠶᠢ ᠲᠦᠷᠭᠡᠳᠬᠡᠵᠦ᠂ 2024 ᠣᠨ ᠤ ︽ᠮᠣᠩᠭᠤᠯ︾ ᠦᠰᠦᠭᠲᠦ ᠲᠡᠮᠳᠡᠭ ᠤᠨ ᠪᠠᠷᠢᠮᠵᠢᠶ᠎ᠠ ᠶᠢᠨ ᠰᠤᠳᠤᠯᠭᠠᠨ ᠤ ᠲᠥᠷᠥᠯ ᠵᠦᠢᠯ ᠤᠨ ᠲᠥᠯᠥᠪᠯᠡᠭᠡ ᠶᠢ ᠲᠣᠭᠲᠠᠭᠠᠬᠤ ᠶᠢᠨ ᠲᠦᠯᠦᠭᠡ᠂ 4  ᠳ᠋ᠤᠭᠡᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠶᠡᠷᠦᠩᠬᠡᠢ ᠢᠨᠵᠧᠨᠧᠷ ᠨᠢᠶᠧ ᡁᠢ ᠰᠢᠤᠸᠠᠨ ᠤ ᠳᠠᠭᠠᠭᠤᠯᠤᠭᠰᠠᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠠᠷᠤᠳ ᠬᠤᠰᠢᠭᠤᠨ ᠤ ︽ᠵᠠᠷᠤᠳ ᠬᠤᠨᠢ︾᠂ ᠭᠦᠢᠯᠡᠰᠦᠨ ᠴᠥᠮ᠎ᠡ ᠶᠢᠨ ᠲᠣᠰᠣᠨ ᠤ ︽ᠮᠣᠩᠭᠤᠯ︾ ᠦᠰᠦᠭᠲᠦ ᠲᠡᠮᠳᠡᠭ ᠤᠨ ᠪᠦᠯᠬᠦᠮ ᠨᠡᠶᠢᠲᠡ ᠶᠢᠨ ᠪᠠᠷᠢᠮᠵᠢᠶ᠎ᠠ ᠶᠢᠨ ᠰᠤᠳᠤᠯᠭᠠᠨ ᠤ ᠲᠥᠷᠥᠯ ᠵᠦᠢᠯ ᠳᠤ ᠬᠤᠯᠪᠣᠭᠳᠠᠭᠰᠠᠨ 4 ᠭᠤᠣᠯᠳᠠᠯᠭ᠎ᠠ ᠲᠠᠢ ᠠᠵᠤ ᠠᠬᠤᠶᠢᠯᠠᠯ ᠳᠤ ᠠᠬᠤᠢ ᠲᠠᠯᠠᠪᠠᠢ ᠶᠢᠨ ᠪᠠᠶᠢᠴᠠᠭᠠᠨ ᠰᠤᠳᠤᠯᠤᠯᠲᠠ ᠬᠢᠪᠡ᠃ ᠲᠦᠩᠯᠢᠶᠣᠣ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢᠶᠠᠩ ᠰᠢᠦᠢ ᠪᠢᠨ᠂ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ ᠪᠣᠯᠣᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠰᠢᠭᠤᠨ ᠤ ᠣᠶ ᠰᠢᠭᠤᠢ ᠨᠣᠲᠤᠭ ᠪᠡᠯᠴᠢᠭᠡᠷ ᠤᠨ ᠲᠣᠪᠴᠢᠶ᠎ᠠ ᠵᠢᠴᠢ ᠬᠤᠯᠪᠣᠭᠳᠠᠯ ᠪᠦᠬᠦᠢ ᠰᠤᠮᠤ ᠪᠠᠯᠭᠠᠰᠤᠨ ᠤ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠵᠠᠷᠤᠳ ᠬᠤᠰᠢᠭᠤᠨ ᠤ ᠰᠢᠨ ᠯᠢ ᠠᠮᠢ ᠠᠬᠤᠢ ᠶᠢᠨ ᠲᠠᠷᠢᠶᠠᠯᠠᠩ ᠤᠨ ᠲᠠᠯᠠᠪᠠᠢ᠂ ᠬᠠᠢ ᠳ᠋ᠢ ᠯᠣᠤ ᠢᠳᠡᠭᠡᠨ ᠤ ᠬᠢᠵᠠᠭᠠᠷᠲᠤ ᠺᠣᠮᠫᠠᠨᠢ᠂ ᠬᠤᠩ ᠹᠠ ᠨᠢᠲᠤᠯᠬᠤ ᠺᠣᠮᠫᠠᠨᠢ ᠶᠢᠨ ᠭᠦᠩᠨᠦ᠋ᠩ ᠲᠡᠵᠢᠭᠡᠪᠦᠷᠢ ᠶᠢᠨ ᠰᠠᠭᠤᠷᠢᠨ ᠭᠠᠵᠠᠷ᠂ ᠵᠠᠷᠤᠳ ᠬᠤᠰᠢᠭᠤᠨ ᠤ ᠶᠢᠩ ᠽᠢ ᠠᠮᠤ ᠪᠤᠳᠠᠭ᠎ᠠ ᠲᠣᠰᠣ ᠪᠣᠯᠪᠠᠰᠤᠷᠠᠭᠤᠯᠬᠤ ᠲᠤᠰᠬᠠᠢ ᠬᠤᠷᠰᠢᠶ᠎ᠠ ᠵᠡᠷᠭᠡ ᠭᠠᠵᠠᠷ ᠲᠤ ᠬᠦᠷᠴᠦ᠂ ᠵᠠᠷᠤᠳ ᠬᠤᠨᠢ᠂ ᠬᠦᠢᠯᠡᠰᠦᠨ ᠴᠥᠮ᠎ᠡ ᠶᠢᠨ ᠲᠣᠰᠣ ᠵᠡᠷᠭᠡ ᠪᠦᠲᠦᠭᠡᠭᠳᠡᠬᠦᠨ ᠤ ᠦᠢᠯᠡᠳᠪᠦᠷᠢᠯᠡᠯ ᠤᠨ ᠤᠷ᠎ᠠ ᠮᠡᠷᠭᠡᠵᠢᠯ ᠤᠨ ᠶᠠᠪᠤᠴᠠ᠂ ᠠᠵᠤ ᠦᠢᠯᠡᠰ ᠤᠨ ᠬᠡᠯᠬᠢᠶ᠎ᠡ ᠶᠢᠨ ᠤᠷᠲᠤᠳᠬᠠᠯ᠂ ᠤᠷ᠎ᠠ ᠮᠡᠷᠭᠡᠵᠢᠯ ᠢ ᠳᠡᠭᠡᠭᠰᠢᠯᠡᠭᠦᠯᠬᠦ ᠦᠭᠡᠷᠡᠴᠢᠯᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠬᠤᠢ ᠲᠠᠯᠠᠪᠠᠢ ᠳᠤ ᠰᠣᠯᠢᠯᠴᠠᠨ ᠵᠢᠯᠣᠭᠤᠳᠪᠠ᠃     ᠪᠠᠶᠢᠴᠠᠭᠠᠨ ᠰᠤᠳᠤᠯᠬᠤ ᠶᠠᠪᠤᠴᠠ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠬᠢᠨ ᠠᠵᠤ ᠠᠬᠤᠶᠢᠯᠠᠯ ᠳᠤ ︽ᠮᠣᠩᠭᠤᠯ︾ ᠦᠰᠦᠭᠲᠦ ᠲᠡᠮᠳᠡᠭ ᠤᠨ ᠭᠡᠷᠡᠴᠢᠯᠡᠯ ᠤᠨ ᠠᠵᠢᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠭᠤᠣᠯᠯᠠᠬᠤ ᠥᠷᠲᠡᠭ ᠪᠠ ᠵᠢᠷᠤᠮᠯᠠᠬᠤ ᠵᠠᠷᠴᠢᠮ ᠢ ᠲᠠᠨᠢᠯᠴᠠᠭᠤᠯᠵᠤ᠂ ︽ᠮᠣᠩᠭᠤᠯ︾ ᠦᠰᠦᠭᠲᠦ ᠲᠡᠮᠳᠡᠭ ᠤᠨ ᠭᠡᠷᠡᠴᠢᠯᠡᠯ ᠤᠨ ᠠᠴᠢ ᠬᠤᠯᠪᠣᠭᠳᠠᠯ ᠢ ᠨᠠᠷᠢᠨ ᠲᠣᠳᠣᠷᠬᠠᠶᠢᠯᠠᠨ ᠥᠭᠦᠯᠡᠵᠦ᠂ ᠠᠵᠤ ᠠᠬᠤᠶᠢᠯᠠᠯ ᠤᠨ ᠲᠠᠷᠠᠭᠠᠴᠢ ᠶᠢᠨ ᠠᠯᠬᠤᠮ ᠤᠨ ᠠᠵᠢᠯ ᠳᠤ ᠰᠡᠳᠬᠢᠴᠡ ᠪᠠ ᠵᠢᠯᠣᠭᠤᠳᠤᠯᠭ᠎ᠠ ᠬᠠᠩᠭᠠᠪᠠ᠃ ᠡᠭᠦᠨ ᠤ ᠬᠠᠮᠲᠤ᠂ ᠵᠠᠷᠤᠳ ᠬᠤᠨᠢ ᠵᠢᠴᠢ ᠭᠦᠢᠯᠡᠰᠦᠨ ᠴᠥᠮ᠎ᠡ ᠶᠢᠨ ᠲᠤᠰᠤ ᠶᠢ ᠪᠠᠷᠢᠮᠵᠢᠶ᠎ᠠ ᠪᠠᠷ ᠦᠢᠯᠡᠳᠬᠦ ᠶᠢᠨ ᠴᠢᠬᠤᠯᠠ ᠴᠢᠨᠠᠷ ᠢ ᠭᠤᠣᠯᠳᠠᠯᠭ᠎ᠠ ᠲᠠᠢ ᠣᠶᠢᠯᠠᠭᠠᠵᠤ᠂ ᠬᠠᠮᠢᠶ᠎ᠠ ᠪᠦᠬᠦᠢ ᠠᠵᠤ ᠠᠬᠤᠶᠢᠯᠠᠯ ᠤᠨ ᠪᠣᠳᠠᠲᠤ ᠪᠠᠶᠢᠳᠠᠯ᠂ ᠪᠠᠷᠢᠮᠵᠢᠶ᠎ᠠ ᠪᠠ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠰᠠᠭᠤᠷᠢ᠂ ᠭᠠᠵᠠᠷ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠵᠢᠴᠢ ᠬᠥᠭᠵᠢᠯᠲᠡ ᠶᠢᠨ ᠬᠡᠲᠦ ᠶᠢᠨ ᠲᠥᠯᠥᠪ ᠢ ᠰᠣᠨᠣᠰᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠠᠷᠤᠳ ᠬᠤᠰᠢᠭᠤᠨ ᠤ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠤᠨ ᠳᠠᠪᠠᠭᠤᠯᠢᠭ ᠢ ᠭᠦᠢᠴᠡᠳ ᠨᠤᠲᠠᠯᠠᠭᠰᠠᠨ ᠤ ᠬᠠᠮᠲᠤ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠳᠤᠨᠢ ᠦᠨᠡᠨ ᠬᠦ ᠪᠣᠯᠣᠮᠵᠢᠲᠠᠢ ᠰᠠᠨᠠᠯ ᠰᠠᠨᠠᠭᠤᠯᠭ᠎ᠠ ᠳᠤᠷᠠᠳᠪᠠ᠃     ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠵᠠᠷᠤᠳ ᠬᠤᠨᠢ ᠵᠢᠴᠢ ᠭᠦᠢᠯᠡᠰᠦᠨ ᠴᠥᠮ᠎ᠡ ᠶᠢᠨ ᠲᠣᠰᠣᠨ ᠤ ︽ᠮᠣᠩᠭᠤᠯ︾ ᠦᠰᠦᠭᠲᠦ ᠲᠡᠮᠳᠡᠭ ᠤᠨ ᠪᠦᠯᠬᠦᠮ ᠨᠡᠶᠢᠲᠡ ᠶᠢᠨ ᠪᠠᠷᠢᠮᠵᠢᠶ᠎ᠠ ᠶᠢ ᠨᠠᠶᠢᠷᠠᠭᠤᠯᠤᠨ ᠪᠢᠴᠢᠬᠦ ᠳᠤ ᠨᠠᠩ ᠨᠠᠶᠢᠳᠠᠪᠤᠷᠢᠲᠠᠢ ᠪᠥᠭᠡᠳ ᠨᠠᠷᠢᠨ ᠪᠣᠳᠠᠲᠠᠢ ᠠᠭᠤᠯᠭ᠎ᠠ ᠬᠠᠩᠭᠠᠵᠤ᠂ ᠵᠠᠷᠤᠳ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠪᠠ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号