ᠭᠤᠷᠪᠠ᠂ ᠲᠦᠭᠰᠢᠭᠦᠷᠢ ᠪᠠ ᠬᠤᠤᠷ ᠬᠥᠨᠥᠭᠡᠯ ᠤᠨ ᠬᠡᠮᠵᠢᠶ᠎ᠡ ᠶᠢᠨ ᠵᠠᠳᠠᠯᠤᠯᠲᠠ | ︵ᠨᠢᠭᠡ︶ ᠲᠦᠭᠰᠢᠭᠦᠷᠢ ᠶᠢᠨ ᠵᠠᠳᠠᠯᠤᠯᠲᠠ | 1. ᠪᠥᠬᠦ ᠬᠤᠰᠢᠭᠤᠨ ᠤ ᠴᠠᠬᠢᠯᠭᠠᠨ ᠬᠡᠷᠡᠭᠯᠡᠬᠦ ᠲᠠᠯᠠᠪᠠᠶ 1.75 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ | ᠂ ᠭᠠᠵᠠᠷ ᠤᠨ ᠪᠠᠶᠢᠳᠠᠯ ᠪᠠᠶᠢᠴᠠ ᠨᠠᠷᠢᠨ ᠪᠤᠳᠤᠯᠢᠶᠠᠨᠲᠠᠶ ᠪᠠ ᠪᠥᠬᠦ ᠪᠥᠮᠪᠥᠷᠴᠡᠭ ᠤᠨ ᠠᠭᠤᠷ ᠠᠮᠢᠰᠬᠤᠯ ᠲᠤᠯᠠᠭᠠᠷᠠᠵᠦ | ᠪᠠᠶᠢᠬᠤ ᠨᠥᠯᠥᠭᠡ ᠠᠴᠠ ᠪᠣᠯᠵᠣ᠂ ᠴᠠᠬᠢᠯᠭᠠᠨ ᠬᠠᠩᠭᠠᠬᠤ ᠣᠷᠣᠨ ᠪᠦᠰᠡ ᠳᠤ ᠦᠶᠡᠷ᠂ ᠮᠥᠰᠥ᠂ ᠴᠠᠰᠤ᠂ | ᠳᠠᠮᠵᠢᠭᠤᠯᠬᠤ ᠤᠲᠠᠰᠤ ᠳᠤ ᠮᠦᠰᠤ ᠬᠦᠯᠳᠡᠬᠦ᠂ ᠬᠤᠶ ᠰᠠᠯᠬᠢ᠂ ᠶᠡᠭᠡ ᠰᠠᠯᠬᠢ ᠵᠡᠷᠭᠡ ᠪᠠᠶᠢᠭᠠᠯᠢ ᠶᠢᠨ ᠭᠠᠮᠰᠢᠭ | ᠪᠠᠶᠢᠨ ᠳᠠᠬᠢᠨ ᠡᠭᠦᠰᠴᠦ ᠮᠡᠳᠡᠨ᠎ᠡ᠂ ᠡᠨᠡ ᠨᠢ ᠴᠠᠬᠢᠯᠭᠠᠨ ᠲᠣᠤᠷ ᠲᠥᠬᠦᠭᠡᠷᠦᠮᠵᠢ ᠶᠢ ᠶᠡᠭᠡ ᠬᠡᠪᠴᠢᠶ᠎ᠡ ᠪᠠᠷ ᠡᠪᠳᠡᠨ | ᠰᠦᠢᠳᠭᠡᠵᠦ᠂ ᠡᠭᠦᠨ ᠠᠴᠠ ᠪᠤᠯᠵᠦ ᠥᠷᠭᠡᠨ ᠬᠡᠪᠴᠢᠶᠡᠨ ᠳᠤ ᠴᠠᠬᠢᠯᠭᠠᠨ ᠵᠣᠭᠰᠤᠭᠰᠠᠨ ᠭᠡᠷᠩ ᠡᠭᠦᠰᠤᠨ᠎ᠡ︔ | 2᠂ ᠪᠦᠬᠦ ᠬᠤᠰᠢᠭᠤᠨ ᠤ ᠴᠠᠬᠢᠯᠭᠠᠨ ᠲᠣᠣᠷ ᠤᠨ ᠴᠠᠬᠢᠯᠭᠠᠨ ᠬᠦᠴᠦᠳᠡᠯ ᠤᠨ ᠳᠡᠰ ᠨᠢ 220 ᠸᠤᠯᠲ ᠠᠴᠠ | 10 ᠺᠢᠯᠤᠸᠤᠯᠲ ᠬᠦᠷᠳᠡᠯᠡᠬᠢ ᠲᠣᠣᠷ ᠤᠨ ᠪᠦᠲᠦᠴᠡ ᠡᠳᠦᠷ ᠢᠷᠡᠬᠦᠶ᠎ᠡ ᠪᠣᠳᠤᠯᠢᠶᠠᠨᠲᠠᠢ ᠪᠣᠯᠵᠤ᠂ ᠠᠮᠤᠷ | ᠲᠦᠪᠰᠢᠨ ᠢ ᠡᠵᠡᠮᠳᠡᠬᠦ ᠬᠦᠴᠢᠷᠳᠡᠯ ᠶᠡᠭᠡ᠂ ᠴᠢᠬᠤᠯᠠ ᠴᠠᠬᠢᠯᠭᠠᠨ ᠡᠭᠦᠰᠭᠡᠬᠦ᠂ ᠴᠠᠬᠢᠯᠭᠠᠨ ᠬᠦᠷᠭᠡᠬᠦ᠂ ᠬᠦᠴᠦᠳᠡᠯ | ᠥᠭᠡᠷᠡᠴᠢᠯᠡᠬᠦ ᠲᠥᠬᠦᠭᠡᠷᠦᠮᠵᠢ᠂ ᠠᠦ᠋ᠲ᠋ᠣᠴᠢᠯᠠᠭᠰᠠᠨ ᠰᠢᠰᠲ᠋ᠧᠮ ᠰᠠᠭᠠᠳ ᠭᠠᠷᠪᠠᠯ᠂ ᠬᠦᠨᠳᠦ ᠨᠣᠴᠢᠲᠠᠢ ᠵᠢᠴᠢ | ᠲᠡᠭᠦᠨ ᠠᠴᠠ ᠳᠡᠭᠡᠭᠰᠢᠬᠢ ᠠᠳᠡᠯ ᠭᠠᠷᠴᠤ ᠮᠡᠳᠡᠨ᠎ᠡ᠂ ᠡᠨᠡ ᠨᠢ ᠴᠠᠬᠢᠯᠭᠠᠨ ᠲᠣᠣᠷ ᠥᠷᠭᠡᠨ ᠬᠡᠪᠴᠢᠶᠡᠨ ᠤ ᠴᠠᠬᠢᠯᠭᠠᠨ | ᠵᠣᠭᠰᠤᠵᠤ ᠮᠡᠳᠡᠨ᠎ᠡ︔ | 3. ᠬᠡᠷᠴᠡᠭᠡᠢ ᠪᠠᠯᠠᠮᠠᠳ ᠢᠶᠠᠷ ᠪᠠᠷᠢᠯᠭ᠎ᠠ ᠪᠠᠷᠢᠬᠤ᠂ ᠬᠠᠤᠯᠢ ᠪᠤᠰᠤ ᠪᠠᠷ ᠲᠦᠷᠢᠨ ᠣᠷᠣᠬᠤ ᠵᠡᠷᠭᠡ ᠭᠠᠳᠠᠨᠠᠬᠢ | ᠬᠦᠴᠦᠨ ᠤ ᠡᠪᠳᠡᠯᠭᠡ ᠪᠤᠶᠤ ᠬᠦᠨᠳᠤ ᠶᠡᠭᠡ ᠨᠡᠶᠢᠭᠡᠮ ᠤᠨ ᠠᠮᠤᠷ ᠲᠦᠪᠰᠢᠨ ᠤ ᠬᠡᠷᠡᠭ ᠠᠴᠠ ᠪᠣᠯᠤᠭᠰᠠᠨ ᠴᠠᠬᠢᠯᠭᠠᠨ | ᠲᠣᠣᠷ ᠪᠡᠯᠡᠳᠬᠡᠮᠵᠢ ᠶᠢ ᠡᠪᠳᠡᠨ ᠰᠦᠢᠳᠬᠡᠭᠰᠡᠨ ᠠᠵᠢᠯᠯᠠᠭ᠎ᠠ ᠨᠢ ᠥᠷᠭᠡᠨ ᠬᠡᠪᠴᠢᠶᠡᠨ ᠳᠤ ᠴᠠᠬᠢᠯᠭᠠᠨ ᠵᠤᠭᠰᠤᠵᠦ | ᠮᠡᠳᠡᠨ᠎ᠡ᠃ | 4. ᠠᠷᠠᠴᠢᠯᠠᠵᠦ ᠬᠠᠮᠠᠭᠠᠯᠠᠬᠤ ᠠᠵᠢᠯᠲᠠᠨ ᠤ ᠠᠵᠢᠯᠯᠠᠭᠠᠨ ᠤ ᠠᠯᠳᠠᠰᠢ ᠪᠤᠶᠤ ᠲᠣᠬᠢᠷᠠᠭᠤᠯᠬᠤ ᠠᠵᠢᠯᠲᠠᠨ ᠤ | ᠲᠤᠬᠢᠷᠠᠭᠤᠯᠬᠤ ᠠᠵᠢᠯᠯᠠᠭᠠᠨ ᠵᠣᠬᠢᠰ ᠥᠬᠡᠶ ᠠᠴᠠ ᠪᠤᠯᠵᠦ ᠶᠡᠭᠡ ᠬᠡᠪᠴᠢᠶ᠎ᠡ ᠪᠠᠷ ᠴᠠᠬᠢᠯᠭᠠᠨ ᠵᠤᠭᠰᠤᠵᠤ ᠮᠡᠳᠡᠨ᠎ᠡ᠃ | 5. ᠪᠤᠰᠤᠳ ᠰᠢᠯᠲᠠᠭᠠᠨ ᠠᠴᠠ ᠪᠣᠯᠵᠣ ᠥᠷᠭᠡᠨ ᠬᠡᠪᠴᠢᠶᠡᠨ ᠤ ᠴᠠᠬᠢᠯᠭᠠᠨ ᠵᠤᠭᠰᠤᠵᠦ ᠮᠡᠳᠡᠨ᠎ᠡ᠃ | ︵ᠬᠤᠶᠠᠷ︶ ᠬᠤᠤᠷ ᠬᠦᠨᠦᠭᠡᠯ ᠤᠨ ᠬᠡᠮᠵᠢᠶ᠎ᠡ ᠶᠢᠨ ᠵᠠᠳᠠᠯᠤᠯᠲᠠ | ᠥᠷᠭᠡᠨ ᠬᠡᠪᠴᠢᠶᠡᠨ ᠳᠤ ᠴᠠᠬᠢᠯᠭᠠᠨ ᠵᠣᠭᠰᠤᠭᠰᠠᠨ ᠭᠡᠷᠩ ᠨᠢ ᠭᠡᠪ ᠤᠨ ᠦᠢᠯᠡᠳᠪᠦᠷᠢᠯᠡᠯ ᠡᠵᠡᠩᠨᠡᠯᠳᠡ ᠶᠢᠨ | ᠡᠮᠬᠢ ᠲᠢᠭᠯᠢᠮ ᠪᠠ ᠨᠡᠶᠢᠭᠡᠮ ᠤᠨ ᠳᠦᠷᠢ ᠳᠥᠷᠬᠦ ᠶᠢ ᠬᠦᠨᠳᠦ ᠨᠣᠴᠢᠲᠠᠢ ᠡᠪᠳᠡᠬᠦ ᠪᠠᠷ ᠪᠠᠷᠠᠬᠤ ᠦᠭᠡᠢ᠂ ᠣᠯᠥᠰ ᠤᠨ | ᠠᠵᠦ ᠠᠬᠤᠢ ᠠᠷᠡᠳ ᠤᠨ ᠠᠮᠢᠳᠣᠷᠡᠯ ᠳᠤ ᠬᠤᠯᠪᠤᠠᠠᠳᠠᠬᠤ ᠴᠢᠬᠤᠯᠡ ᠰᠠᠭᠤᠷᠢ ᠪᠡᠯᠡᠳᠭᠡᠮᠵᠢ ᠳᠤ ᠯᠣᠳᠤ ᠶᠡᠭᠡ | ᠨᠦᠯᠥᠬᠡ ᠣᠴᠠᠷᠡᠭᠤᠯᠵᠦ᠂ ᠵᠠᠮ ᠬᠠᠷᠢᠯᠴᠠᠭ᠎ᠠ᠂ ᠴᠢᠮᠡᠭᠡ ᠬᠤᠯᠪᠤᠭ᠎ᠠ᠂ ᠣᠰᠣ᠂ ᠬᠡᠢ᠂ ᠨᠡᠬᠦᠷᠡᠰᠣ᠂ ᠲᠣᠰᠣ | ᠵᠡᠷᠭᠡ ᠶᠢᠨ ᠬᠠᠩᠭᠠᠯᠭ᠎ᠠ ᠶᠢ ᠲᠠᠰᠤᠯᠳᠠᠭᠤᠯᠵᠦ᠂ ᠠᠵᠦ ᠠᠬᠤᠢ ᠶᠢᠨ ᠪᠦᠳᠦᠭᠡᠨ ᠪᠠᠢᠭᠤᠯᠥᠯᠳᠡ᠂ ᠠᠷᠡᠳ ᠤᠨ | ᠠᠮᠢᠳᠣᠷᠡᠯ ᠢ ᠬᠦᠨᠳᠦ ᠨᠣᠴᠢᠳᠡᠢ ᠨᠦᠯᠦᠭᠡᠯᠡᠵᠦ᠂ ᠴᠢᠨ᠋ᠬᠠᠰᠢᠯᠠᠨ ᠨᠡᠶᠢᠭᠡᠮ ᠤᠨ ᠠᠮᠥᠷ ᠳᠥᠪᠰᠢᠨ᠂ ᠣᠯᠥᠰ ᠤᠨ ᠠᠮᠥᠷ | ᠳᠥᠪᠰᠢᠨ ᠢ ᠬᠦᠨᠳᠦ ᠨᠣᠴᠢᠲᠠᠢ ᠰᠦᠷᠳᠡᠬᠦᠯᠥᠨᠠ᠃ | 1᠂ ᠡᠭᠦᠨ ᠠᠴᠠ ᠪᠤᠯᠤᠭᠠᠳ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠴᠡᠷᠢᠭ ᠠᠩᠭᠢ᠂ ᠳᠣᠲᠣᠭᠠᠳᠤ ᠶᠢ | ᠬᠠᠮᠠᠭᠠᠯᠠᠬᠤ᠂ ᠭᠠᠯ ᠤᠨᠲᠠᠷᠠᠭᠠᠬᠤ ᠵᠡᠷᠭᠡ ᠴᠢᠬᠤᠯᠠ ᠪᠠᠶᠢᠭᠤᠯᠤᠮᠵᠢ ᠶᠢᠨ ᠴᠠᠬᠢᠯᠭᠠᠨ ᠬᠦᠴᠦᠨ ᠤ ᠬᠠᠩᠭᠠᠯᠭ᠎ᠠ | ᠲᠠᠰᠤᠷᠠᠵᠦ᠂ ᠬᠡᠪ ᠤᠨ ᠠᠵᠢᠯᠯᠠᠭᠠᠨ ᠢ ᠨᠥᠯᠥᠭᠡᠯᠡᠵᠦ᠂ ᠨᠡᠶᠢᠭᠡᠮ ᠤᠨ ᠠᠮᠤᠷ ᠲᠣᠭᠲᠠᠭᠤᠨ ᠪᠠ ᠤᠯᠤᠰ ᠤᠨ ᠠᠮᠤᠷ | ᠲᠦᠪᠰᠢᠨ ᠳᠤ ᠠᠰᠢᠭ ᠦᠭᠡᠢ᠃ | 2᠂ ᠡᠭᠦᠨ ᠠᠴᠠ ᠪᠤᠯᠵᠦ ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ᠂ ᠠᠭᠤᠳᠠᠮ ᠲᠠᠯᠠᠪᠠᠶ᠂ ᠺᠢᠨᠣ᠋ | ᠵᠦᠴᠦᠭᠡ ᠶᠢᠨ ᠲᠢᠶᠠᠲᠷ᠂ ᠣᠷᠣᠨ ᠰᠠᠭᠤᠴᠠ ᠶᠢᠨ ᠲᠣᠭᠤᠷᠢᠭ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠲᠣᠮᠣ | ᠬᠡᠯᠪᠡᠷᠢ ᠶᠢᠨ ᠠᠯᠪᠠᠯᠠᠬᠤ ᠠᠰᠠᠷ᠂ ᠲᠣᠮᠣ ᠬᠡᠯᠪᠡᠷᠢ ᠶᠢᠨ ᠵᠤᠭ᠎ᠠ ᠴᠡᠩᠭᠡᠯ ᠤᠨ ᠲᠠᠯᠠᠪᠠᠢ ᠵᠡᠷᠭᠡ ᠥᠨᠳᠥᠷ ᠨᠢᠭᠲᠠᠴᠠᠲᠤ | ᠬᠥᠮᠦᠨ ᠠᠮᠠ ᠲᠥᠪᠯᠡᠷᠡᠭᠰᠡᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠴᠠᠬᠢᠯᠭᠠᠨ ᠬᠦᠴᠦᠨ ᠤ ᠬᠠᠩᠭᠠᠯᠭ᠎ᠠ | ᠲᠠᠰᠤᠷᠠᠵᠦ᠂ ᠣᠯᠠᠨ ᠲᠦᠮᠡᠨ ᠬᠡᠯᠮᠡᠭᠳᠡᠵᠦ᠂ ᠨᠡᠶᠢᠭᠡᠮ ᠤᠨ ᠡᠮᠬᠢ ᠵᠢᠷᠤᠮ ᠢ ᠬᠦᠨᠳᠦ ᠨᠣᠴᠢᠲᠠᠶ ᠨᠦᠯᠤᠭᠡᠯᠡᠨᠡ︔ | 3᠂ ᠡᠭᠦᠨ ᠠᠴᠠ ᠪᠤᠯᠤᠭᠠᠳ ᠬᠤᠲᠠ ᠶᠢᠨ ᠵᠠᠮ ᠬᠠᠷᠢᠯᠴᠠᠭ᠎ᠠ ᠲᠦᠭᠵᠢᠷᠡᠵᠦ ᠴᠢᠨᠠᠭᠰᠢᠯᠠᠭᠠᠳ ᠲᠠᠮᠪᠠᠷᠠᠨᠠ᠃ | 4᠂ ᠡᠭᠦᠨ ᠠᠴᠠ ᠪᠤᠯᠤᠭᠠᠳ ᠲᠡᠮᠦᠷᠯᠢᠭ ᠪᠣᠯᠪᠠᠰᠤᠷᠠᠭᠤᠯᠬᠤ᠂ ᠨᠡᠭᠦᠷᠡᠰᠦᠨ ᠤ ᠪᠤᠰᠤ ᠠᠭᠤᠷᠬᠠᠢ ᠵᠡᠷᠭᠡ ᠠᠶᠤᠯ | ᠶᠡᠬᠡᠲᠡᠢ ᠠᠵᠢᠯ ᠲᠦᠷᠤᠯ ᠤᠨ ᠴᠠᠬᠢᠯᠭᠠᠨ ᠬᠦᠴᠦᠨ ᠤ ᠬᠠᠩᠭᠠᠯᠭ᠎ᠠ ᠲᠠᠰᠤᠷᠠᠵᠦ ᠦᠢᠯᠡᠳᠪᠦᠷᠢᠯᠡᠯ ᠡᠵᠡᠩᠨᠡᠯᠲᠡ ᠶᠢᠨ | ᠠᠳᠡᠯ ᠵᠢᠴᠢ ᠲᠠᠭᠠᠯᠳᠤᠯ ᠬᠤᠣᠷ ᠬᠥᠨᠥᠭᠡᠯ ᠭᠠᠷᠤᠨ᠎ᠠ᠃ | 5. ᠥᠷᠭᠡᠨ ᠬᠡᠪᠴᠢᠶᠡᠨ ᠤ ᠴᠠᠬᠢᠯᠭᠠᠨ ᠵᠣᠭᠰᠣᠭᠰᠠᠨ ᠬᠡᠷᠡᠭ ᠨᠢ ᠣᠳᠣᠬᠠᠨ ᠤ ᠰᠢᠨ᠎ᠡ ᠵᠠᠭᠤᠴᠢᠯᠠᠭᠤᠷ ᠤᠨ | ᠴᠠᠭ ᠦᠶ᠎ᠡ ᠳᠤ ᠲᠤᠶᠢᠯ ᠤᠨ ᠠᠮᠠᠷᠬᠠᠨ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠠᠯᠠᠮᠰᠢᠯ ᠴᠡᠭ ᠪᠣᠯᠬᠤ ᠪᠤᠯᠤᠨ᠎ᠠ︔ | ᠣᠯᠠᠨ ᠨᠡᠶᠢᠲᠡ ᠦᠨᠡᠨ ᠪᠠᠶᠢᠳᠠᠯ ᠢ ᠮᠡᠳᠡᠬᠦ ᠥᠬᠡᠶ ᠪᠠᠶᠢᠳᠠᠯ ᠳᠣᠤᠷ᠎ᠠ᠂ ᠬᠡᠷᠪᠡ ᠪᠤᠷᠤᠭᠤ ᠶᠠᠷᠢᠶ᠎ᠠ ᠬᠡᠯᠡᠯᠴᠡᠭᠡ ᠭᠠᠷᠪᠠᠯ | ᠂ ᠣᠯᠠᠨ ᠨᠡᠶᠢᠲᠡ ᠶᠢᠨ ᠭᠡᠯᠮᠡᠭᠳᠡᠯ ᠭᠠᠷᠴᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠵᠦ ᠮᠡᠳᠡᠨ᠎ᠡ᠃ | ᠳᠥᠷᠪᠡ᠂ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢᠨ ᠮᠡᠳᠡᠭᠦᠯᠦᠯᠲᠡ | ︵ᠨᠢᠭᠡ︶ ᠬᠢᠨᠠᠨ ᠬᠡᠮᠵᠢᠬᠦ | 1. ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢ ᠬᠢᠨᠠᠨ ᠬᠡᠮᠵᠢᠬᠦ᠃ ᠪᠠᠶᠢᠭᠠᠯᠢ ᠶᠢᠨ ᠭᠠᠮᠰᠢᠭ ᠣᠯᠠᠨ | ᠭᠠᠷᠳᠠᠭ ᠤᠯᠠᠷᠢᠯ ᠳᠤ᠂ ᠴᠠᠬᠢᠯᠭᠠᠨ ᠲᠣᠤᠷ ᠤᠨ ᠠᠵᠤ ᠠᠬᠤᠶᠢᠯᠠᠯ ᠬᠢᠨ ᠡᠨᠧᠷᠭᠢ᠂ ᠴᠠᠭ ᠠᠭᠤᠷ᠂ ᠤᠰᠤᠨ ᠤ | ᠶᠠᠪᠤᠳᠠᠯ᠂ ᠣᠶ ᠰᠢᠭᠤᠶ᠂ ᠭᠠᠵᠠᠷ ᠬᠥᠳᠡᠯᠦᠯᠲᠡ᠂ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ᠂ ᠵᠠᠮ | ᠬᠠᠷᠢᠯᠴᠠᠭ᠎ᠠ ᠲᠡᠭᠡᠭᠡᠪᠦᠷᠢ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ | ᠬᠠᠮᠢᠶ᠎ᠠ ᠪᠦᠬᠦᠢ ᠭᠡᠨᠡᠳᠲᠡ ᠶᠢᠨ ᠬᠡᠷᠡᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠬᠠᠮᠲᠤᠷᠠᠨ | ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠬᠠᠮᠢᠶ᠎ᠠ ᠪᠦᠬᠦᠢ ᠭᠠᠮᠰᠢᠭ ᠤᠨ ᠪᠠᠶᠢᠳᠠᠯ᠂ ᠲᠦᠭᠰᠢᠭᠦᠷᠢᠲᠦ ᠪᠠᠶᠢᠳᠠᠯ | ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ ᠴᠠᠭ ᠠᠭᠤᠷ᠂ ᠦᠶᠡᠷ | ᠤᠰᠤᠲᠤᠯ᠂ ᠭᠠᠵᠠᠷ ᠬᠥᠳᠡᠯᠦᠯᠲᠡ ᠵᠡᠷᠭᠡ ᠭᠠᠮᠰᠢᠭ ᠤᠨ ᠮᠡᠳᠡᠭᠡ ᠵᠠᠩᠭᠢ ᠴᠤᠭᠯᠠᠭᠤᠯᠬᠤ ᠶᠢ ᠴᠢᠩᠭᠠᠳᠬᠠᠬᠤ ᠬᠡᠷᠡᠭᠲᠡᠶ | ᠃ | 2. ᠴᠠᠬᠢᠯᠭᠠᠨ ᠲᠣᠤᠷ ᠤᠨ ᠠᠵᠢᠯᠯᠠᠭᠠᠨ ᠤ ᠲᠦᠭᠰᠢᠭᠦᠷᠢ ᠶᠢ ᠬᠢᠨᠠᠨ ᠬᠡᠮᠵᠢᠬᠦ᠃ ᠴᠠᠬᠢᠯᠭᠠᠨ ᠲᠣᠤᠷ ᠤᠨ ᠠᠵᠤ | ᠠᠬᠤᠶᠢᠯᠠᠯ ᠬᠢᠨ ᠴᠠᠬᠢᠯᠭᠠᠨ ᠲᠣᠤᠷ ᠤᠨ ᠠᠵᠢᠯᠯᠠᠭᠠᠨ ᠤ ᠠᠷᠭ᠎ᠠ ᠮᠠᠶ᠋ᠢᠭ ᠤᠨ ᠲᠣᠬᠢᠷᠠᠭᠤᠯᠤᠯᠲᠠ ᠪᠠᠨ ᠴᠢᠩᠭᠠᠳᠬᠠᠵᠤ | ᠂ ᠴᠠᠬᠢᠯᠭᠠᠨ ᠲᠣᠤᠷ ᠤᠨ ᠠᠵᠢᠯᠯᠠᠭᠠᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠪᠠᠶᠢᠩᠭᠤ ᠥᠷᠨᠢᠭᠦᠯᠵᠦ᠂ | ᠴᠠᠬᠢᠯᠭᠠᠨ ᠲᠣᠤᠷ ᠢ ᠪᠠᠶᠢᠴᠠᠭᠠᠨ ᠵᠠᠰᠠᠬᠤ ᠵᠡᠷᠭᠡ ᠲᠦᠭᠰᠢᠭᠦᠷᠢ ᠶᠢ ᠬᠢᠨᠠᠨ ᠬᠡᠮᠵᠢᠬᠦ ᠠᠷᠭ᠎ᠠ ᠮᠠᠶ᠋ᠢᠭ ᠤᠨ ᠠᠵᠢᠯᠯᠠᠭᠠᠨ | ᠢᠶᠠᠨ ᠴᠢᠩᠭᠠᠳᠬᠠᠬᠤ ᠬᠡᠷᠡᠭᠲᠡᠶ᠃ ᠴᠠᠬᠢᠯᠭᠠᠨ ᠲᠣᠤᠷ ᠤᠨ ᠳᠠᠭᠠᠭᠠᠴᠠ ᠶᠢ ᠲᠡᠩᠴᠡᠭᠦᠷᠢ ᠲᠠᠢ ᠪᠠᠶᠢᠯᠭᠠᠬᠤ | ᠲᠥᠯᠥᠪᠯᠡᠭᠡ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠴᠠᠬᠢᠯᠭᠠᠨ ᠡᠭᠦᠰᠭᠡᠬᠦ ᠦᠢᠯᠡᠳᠪᠦᠷᠢ ᠶᠢᠨ ᠰᠢᠲᠠᠭᠠᠯᠭ᠎ᠠ | ᠵᠡᠷᠭᠡ ᠶᠢᠨ ᠬᠠᠩᠭᠠᠯᠭ᠎ᠠ ᠶᠢ ᠬᠢᠨᠠᠨ ᠬᠡᠮᠵᠢᠬᠦ ᠶᠢ ᠴᠢᠩᠭᠠᠳᠬᠠᠵᠤ᠂ ᠴᠠᠬᠢᠯᠭᠠᠨ ᠡᠨᠧᠷᠭᠢ ᠶᠢᠨ ᠦᠢᠯᠡᠳᠪᠦᠷᠢᠯᠡᠯ | ᠬᠠᠩᠭᠠᠯᠭ᠎ᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠶ᠃ | ︵ᠬᠤᠶᠠᠷ︶ ᠤᠷᠢᠳᠴᠢᠯᠠᠨ ᠰᠡᠷᠡᠮᠵᠢᠯᠡᠭᠦᠯᠬᠦ | 1. ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ᠃ ᠴᠠᠬᠢᠯᠭᠠᠨ ᠬᠦᠴᠣᠨ ᠤ ᠠᠵᠦ ᠠᠬᠤᠶᠢᠯᠠᠯ ᠬᠢᠨ ᠥᠷᠭᠡᠨ | ᠬᠡᠪᠴᠢᠶᠡᠨ ᠳᠤ ᠴᠠᠬᠢᠯᠭᠠᠨ ᠵᠤᠭᠰᠤᠬᠤ ᠭᠡᠷᠩ ᠭᠠᠷᠴᠥ ᠮᠡᠳᠡᠬᠦ ᠶᠢ ᠰᠣᠳᠣᠯᠥᠨ ᠮᠠᠭᠠᠳᠯᠠᠭᠠᠳ᠂ ᠬᠠᠮᠢᠶ᠎ᠠ ᠪᠦᠬᠦᠢ | ᠪᠠᠶᠢᠳᠠᠯ ᠢᠶᠠᠨ ᠴᠠᠭ ᠲᠣᠬᠠᠢ ᠳᠤᠨᠢ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠡᠷᠦᠯᠳᠡ ᠶᠢᠨ | ᠲᠣᠪᠴᠢᠶ᠎ᠠ᠂ ᠬᠤᠰᠢᠭᠤᠨ ᠤ ᠠᠵᠦ ᠦᠢᠯᠡᠳᠪᠦᠷᠢ ᠮᠡᠳᠡᠭᠡ ᠵᠠᠩᠬᠢᠴᠢᠯᠠᠯᠳᠠ ᠪᠠ ᠰᠢᠨᠵᠢᠯᠡᠭᠡ ᠮᠡᠷᠭᠡᠵᠢᠯ ᠤᠨ | ᠲᠣᠪᠴᠢᠶ᠎ᠠ ᠪᠤᠯᠥᠨ ᠬᠠᠷᠢᠶ᠎ᠠ ᠭᠠᠵᠡᠷ ᠤᠨ ᠨᠦᠯᠤᠭᠡᠯᠡᠭᠳᠡᠬᠦ ᠣᠷᠣᠨ ᠪᠦᠰᠡ ᠶᠢᠨ ᠴᠠᠬᠢᠯᠭᠠᠨ ᠬᠦᠴᠣᠨ ᠤ | ᠬᠠᠮᠢᠶᠡᠷᠦᠯᠳᠡ ᠶᠢᠨ ᠰᠠᠯᠠᠭ᠎ᠠ ᠮᠦᠴᠢᠷ ᠲᠤ ᠮᠡᠳᠡᠬᠦᠯᠵᠦ᠂ ᠵᠢᠴᠢ ᠰᠡᠷᠡᠮᠵᠢᠯᠡᠬᠦᠯᠬᠦ ᠮᠡᠳᠡᠭᠡ ᠵᠠᠩᠬᠢ ᠨᠡᠶᠢᠳᠡᠯᠡᠬᠦ | ᠰᠠᠨᠠᠭᠤᠯᠭ᠎ᠠ ᠲᠤᠷᠡᠳᠬᠤ ᠶᠢᠨ ᠬᠠᠮᠳᠣ᠂ ᠪᠠᠶᠢᠳᠠᠯ ᠢ ᠨᠢ ᠦᠵᠡᠵᠦ ᠴᠠᠬᠢᠯᠭᠠᠨ ᠬᠦᠴᠣᠨ ᠤ ᠴᠢᠬᠤᠯᠡ | ᠭᠡᠷᠡᠭᠯᠡᠭᠴᠢᠳ ᠲᠤ ᠮᠡᠳᠡᠭᠳᠡᠬᠦ ᠬᠡᠷᠡᠭᠲᠡᠢ᠃ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢᠴᠢᠯᠠᠯᠳᠠ ᠪᠠ | ᠰᠢᠨᠵᠢᠯᠡᠭᠡ ᠮᠡᠷᠭᠡᠵᠢᠯ ᠤᠨ ᠲᠣᠪᠴᠢᠶ᠎ᠠ ᠪᠤᠶᠤ ᠴᠠᠬᠢᠯᠭᠠᠨ ᠵᠤᠭᠰᠤᠬᠤ ᠭᠠᠵᠠᠷ ᠬᠢᠨ ᠴᠠᠭ ᠲᠤᠬᠠᠶ ᠳᠤᠨᠢ ᠵᠣᠬᠢᠶᠠᠨ | ᠪᠠᠶᠢᠭᠤᠯᠤᠨ ᠰᠤᠳᠤᠯᠤᠨ ᠮᠠᠭᠠᠳᠯᠠᠵᠤ᠂ ᠴᠢᠬᠤᠯᠠᠲᠠᠶ ᠦᠶ᠎ᠡ ᠳᠤ ᠠᠳᠠᠯᠢ ᠱᠠᠲᠤᠨ ᠤ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠭᠡᠮ ᠨᠡᠶᠢᠲᠡ ᠳᠤ ᠰᠡᠷᠡᠮᠵᠢᠯᠡᠭᠦᠯᠬᠦ ᠲᠤᠬᠢᠶ᠎ᠠ | ᠨᠡᠶᠢᠳᠡᠯᠡᠬᠦ ᠶᠢᠨ ᠬᠠᠮᠲᠤ ᠬᠤᠰᠢᠭᠤᠨ ᠤ ᠱᠠᠲᠤᠨ ᠤ ᠪᠤᠰᠤᠳ ᠰᠠᠯᠠᠭ᠎ᠠ ᠮᠥᠴᠢᠷ ᠪᠠ ᠨᠢᠭᠡᠴᠡ ᠳᠤ ᠵᠠᠷᠯᠠᠨ | ᠮᠡᠳᠡᠭᠳᠡᠨ᠎ᠡ᠃ ᠰᠣᠳᠣᠯᠥᠨ ᠮᠠᠭᠠᠳᠯᠠᠬᠰᠠᠨ ᠨᠢ ᠬᠦᠨᠳᠦ ᠨᠣᠴᠢᠲᠠᠢ ᠵᠢᠴᠢ ᠳᠡᠬᠦᠨ ᠠᠴᠠ ᠳᠡᠭᠡᠭᠰᠢᠬᠢ ᠥᠷᠭᠡᠨ | ᠬᠡᠪᠴᠢᠶᠡᠨ ᠳᠤ ᠴᠠᠬᠢᠯᠭᠠᠨ ᠵᠣᠭᠰᠤᠭᠰᠠᠨ ᠭᠡᠷᠩ ᠭᠠᠷᠴᠥ ᠮᠡᠳᠡᠬᠦ ᠪᠤᠯᠤᠯᠴᠠᠭ᠎ᠠ ᠲᠠᠢ ᠪᠣᠯ᠂ ᠴᠠᠬᠢᠯᠭᠠᠨ ᠬᠦᠴᠣᠨ ᠤ | ᠠᠵᠦ ᠠᠬᠤᠶᠢᠯᠠᠯ ᠨᠢ ᠳᠦᠩᠯᠢᠶᠥᠥ ᠬᠤᠳᠡ ᠶᠢᠨ ᠡᠨᠧᠷᠬᠢ ᠶᠢᠨ ᠲᠣᠪᠴᠢᠶ᠎ᠠ᠂ ᠦᠪᠡᠷᠳᠡᠭᠡᠨ ᠵᠠᠰᠠᠬᠤ ᠣᠷᠣᠨ ᠤ | ᠡᠨᠧᠷᠬᠢ ᠶᠢᠨ ᠲᠣᠪᠴᠢᠶ᠎ᠠ ᠪᠤᠯᠥᠨ ᠣᠯᠥᠰ ᠤᠨ ᠡᠨᠧᠷᠬᠢ ᠶᠢᠨ ᠲᠣᠪᠴᠢᠶ᠎ᠠ ᠶᠢᠨ ᠵᠡᠬᠦᠨ ᠬᠤᠶᠢᠳᠤ ᠶᠢᠨ ᠬᠢᠨᠡᠯᠳᠡ | ᠬᠠᠮᠢᠶᠡᠷᠦᠯᠳᠡ ᠶᠢᠨ ᠲᠤᠪᠴᠢᠶ᠎ᠠ ᠳᠤ ᠮᠡᠳᠡᠭᠦᠯᠬᠦ ᠬᠡᠷᠡᠭᠳᠠᠢ᠃ | 2. ᠰᠡᠷᠡᠮᠵᠢᠯᠡᠭᠦᠯᠬᠦ ᠠᠵᠢᠯᠯᠠᠭ᠎ᠠ᠃ ᠰᠡᠷᠡᠮᠵᠢᠯᠡᠬᠦᠯᠬᠦ ᠮᠡᠳᠡᠭᠡ ᠵᠠᠩᠬᠢ ᠨᠡᠶᠢᠳᠡᠯᠡᠭᠰᠡᠨ ᠤ ᠳᠡᠷᠠᠭ᠎ᠠ᠂ ᠴᠠᠬᠢᠯᠭᠠᠨ | ᠬᠦᠴᠣᠨ ᠤ ᠠᠵᠦ ᠠᠬᠤᠶᠢᠯᠠᠯ ᠬᠢᠨ ᠳᠦᠬᠦᠭᠡᠷᠦᠮᠵᠢ ᠪᠠᠨ ᠲᠤᠭᠤᠷᠢᠨ ᠪᠠᠶᠢᠴᠠᠭᠠᠬᠤ ᠰᠡᠯᠪᠢᠨ ᠵᠠᠰᠠᠬᠤ ᠪᠠ | ᠠᠵᠢᠯᠯᠠᠭᠠᠨ ᠢ ᠨᠢ ᠬᠢᠨᠡᠨ ᠰᠢᠨᠵᠢᠬᠦ ᠶᠢ ᠴᠢᠩᠭᠠᠳᠬᠠᠵᠦ᠂ ᠪᠦᠳᠦᠮᠵᠢᠳᠡᠢ ᠠᠷᠭ᠎ᠠ ᠭᠡᠮᠵᠢᠶ᠎ᠠ ᠠᠪᠴᠥ ᠪᠠᠶᠢᠭᠠᠳ | ᠭᠡᠷᠩ ᠤᠨ ᠪᠠᠶᠢᠳᠡᠯ ᠤᠨ ᠬᠦᠭᠵᠢᠯᠳᠡ ᠶᠢ ᠡᠵᠡᠮᠳᠡᠬᠦ ᠬᠡᠷᠡᠭᠳᠠᠢ︔ ᠬᠠᠮᠢᠶ᠎ᠠ ᠪᠦᠬᠦᠢ ᠪᠠᠴᠢᠮ ᠪᠠᠶᠢᠳᠡᠯ ᠢ ᠠᠷᠭᠠᠴᠠᠭᠠᠵᠦ | ᠠᠪᠤᠷᠡᠨ ᠲᠣᠰᠠᠯᠠᠬᠤ ᠡᠩᠨᠡᠭᠡ ᠪᠠ ᠠᠵᠢᠯᠳᠡᠨ ᠢ ᠵᠤᠬᠢᠶᠡᠨ ᠪᠠᠶᠢᠭᠤᠯᠥᠨ ᠵᠠᠷᠯᠢᠭ ᠬᠦᠯᠢᠶᠡᠯᠭᠡᠨ᠂ ᠪᠡᠯᠡᠳᠭᠡᠯ ᠬᠦᠴᠤᠨ | ᠤ ᠠᠵᠢᠯᠳᠡᠨ ᠢ ᠳᠡᠶᠢᠴᠢᠯᠡᠨ ᠪᠠᠴᠢᠮ ᠪᠠᠶᠢᠳᠡᠯ ᠢ ᠠᠷᠭᠠᠴᠠᠭᠠᠵᠦ ᠠᠪᠤᠷᠡᠨ ᠲᠣᠰᠠᠯᠠᠬᠤ ᠪᠠ ᠰᠢᠢᠳᠪᠦᠷᠢᠯᠡᠬᠦ ᠠᠵᠢᠯ ᠳᠤ | ᠣᠷᠣᠯᠴᠠᠬᠤ ᠪᠡᠯᠡᠳᠭᠡᠯ ᠢ ᠰᠠᠶᠢᠳᠣᠷ ᠬᠢᠬᠦ ᠶᠢᠨ ᠬᠠᠮᠳᠣ᠂ ᠥᠷᠭᠡᠨ ᠬᠡᠪᠴᠢᠶᠡᠨ ᠳᠤ ᠴᠠᠬᠢᠯᠭᠠᠨ ᠵᠣᠭᠰᠤᠭᠰᠠᠨ ᠭᠡᠷᠩ | ᠢ ᠪᠠᠴᠢᠮ ᠠᠷᠭᠠᠴᠠᠭᠠᠬᠤ ᠳᠤ ᠭᠡᠷᠡᠭᠰᠡᠬᠦ ᠡᠳ᠋ ᠪᠤᠳᠡᠰ᠂ ᠮᠠᠰᠢᠨ ᠲᠣᠨᠣᠠᠠᠯᠠᠯ ᠪᠠ ᠲᠤᠨᠤᠭ ᠳᠥᠬᠦᠭᠡᠷᠦᠮᠵᠢ ᠵᠡᠷᠭᠡ ᠶᠢ | ᠪᠠᠳᠤᠯᠠᠬᠤ ᠪᠡᠯᠡᠳᠭᠡᠯ ᠢ ᠰᠠᠶᠢᠳᠤᠷ ᠬᠢᠨ᠎ᠡ︔ ᠴᠠᠬᠢᠯᠭᠠᠨ ᠬᠦᠴᠣᠨ ᠤ ᠴᠢᠬᠤᠯᠡ ᠭᠡᠷᠡᠭᠯᠡᠭᠴᠢᠳ ᠪᠠᠴᠢᠮ ᠪᠠᠶᠢᠳᠡᠯ ᠢ | ᠠᠷᠭᠠᠴᠠᠭᠠᠬᠤ ᠳᠤ ᠦᠪᠡᠰᠦᠪᠡᠨ ᠪᠡᠯᠡᠳᠭᠡᠭᠰᠡᠨ ᠴᠠᠬᠢᠯᠭᠠᠨ ᠡᠭᠦᠰᠭᠡᠭᠴᠢ ᠶᠢ ᠠᠵᠢᠯᠯᠠᠭᠤᠯᠵᠤ ᠭᠡᠷᠡᠭᠯᠡᠬᠦ ᠪᠡᠯᠡᠳᠭᠡᠯ ᠢ | ᠰᠠᠶᠢᠳᠣᠷ ᠬᠢᠨ᠎ᠠ᠃ ᠬᠡᠷᠡᠭ ᠭᠠᠷᠤᠭᠰᠠᠨ ᠭᠠᠵᠠᠷ ᠤᠨ ᠰᠤᠮᠤ ᠪᠠᠯᠭᠠᠰᠤ ᠲᠠᠯᠠᠪᠠᠶ ᠬᠢᠨ ᠪᠠᠴᠢᠮ ᠪᠠᠶᠢᠳᠠᠯ ᠢ | ᠠᠷᠭᠠᠴᠠᠭᠠᠬᠤ ᠠᠵᠢᠯ ᠢ ᠡᠬᠢᠯᠡᠭᠦᠯᠵᠦ᠂ ᠣᠷᠣᠨ ᠪᠦᠰᠡ ᠠᠯᠤᠰᠯᠠᠭᠰᠠᠨ ᠪᠠᠶᠢᠪᠠᠯ ᠪᠠᠴᠢᠮ ᠪᠠᠶᠢᠳᠠᠯ ᠢ ᠠᠷᠭᠠᠴᠠᠭᠠᠬᠤ | ᠬᠠᠮᠲᠤᠷᠠᠯᠴᠠᠭ᠎ᠠ ᠪᠠ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠵᠦ᠂ ᠬᠤᠯᠪᠣᠭᠳᠠᠯ ᠪᠥᠬᠦᠶ ᠰᠠᠯᠠᠭ᠎ᠠ | ᠮᠥᠴᠢᠷ ᠪᠠ ᠨᠢᠭᠡᠴᠡ ᠶᠢ ᠵᠣᠬᠢᠶᠠᠨ ᠪᠠᠶᠢᠭᠤᠯᠤᠨ ᠣᠯᠠᠨ ᠨᠡᠶᠢᠲᠡ ᠶᠢᠨ ᠡᠮᠬᠢ ᠵᠢᠷᠤᠮ ᠢ ᠬᠠᠮᠠᠭᠠᠯᠠᠬᠤ᠂ ᠤᠰᠤ | ᠬᠠᠩᠭᠠᠬᠤ ᠬᠡᠶ ᠢᠯᠴᠢ ᠬᠠᠩᠭᠠᠬᠤ᠂ ᠲᠠᠸᠠᠷ ᠤᠨ ᠬᠠᠩᠭᠠᠯᠭ᠎ᠠ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠵᠡᠷᠭᠡ | ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠨ᠎ᠠ︔ ᠶᠠᠷᠢᠶ᠎ᠠ ᠬᠡᠯᠡᠯᠴᠡᠭᠡᠨ ᠢ ᠬᠥᠲᠥᠯᠦᠨ | ᠵᠢᠯᠣᠭᠤᠳᠬᠤ ᠠᠵᠢᠯ ᠢ ᠰᠠᠶᠢᠲᠤᠷ ᠬᠢᠵᠦ᠂ ᠬᠠᠮᠢᠶ᠎ᠠ ᠪᠥᠬᠦᠶ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠶᠢ | ᠴᠢᠩᠭᠠᠳᠬᠠᠨ᠂ ᠨᠡᠶᠢᠭᠡᠮ ᠨᠡᠶᠢᠲᠡ ᠶᠢᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ | ᠬᠠᠷᠢᠭᠤᠯᠲᠠ ᠥᠭᠴᠦ᠂ ᠴᠤᠤᠷᠬᠠᠯ ᠲᠠᠮ ᠶᠠᠷᠢᠶ᠎ᠠ ᠶᠢ ᠴᠠᠭ ᠲᠤᠬᠠᠶ ᠳᠤᠨᠢ ᠲᠣᠳᠣᠷᠬᠠᠶᠢᠯᠠᠨ᠎ᠠ᠃ | 3. ᠰᠡᠷᠡᠮᠵᠢᠯᠡᠭᠦᠯᠦᠯ ᠢ ᠬᠦᠴᠦᠨ ᠦᠭᠡᠶ ᠪᠤᠯᠭᠠᠬᠤ᠃ ᠭᠡᠷᠩ ᠤᠨ ᠪᠠᠶᠢᠳᠡᠯ ᠤᠨ ᠬᠦᠭᠵᠢᠯᠳᠡ ᠶᠢ ᠦᠨᠳᠣᠰᠣᠯᠡᠨ | ᠂ ᠥᠷᠭᠡᠨ ᠬᠡᠪᠴᠢᠶᠡᠨ ᠤ ᠴᠠᠬᠢᠯᠭᠠᠨ ᠵᠤᠭᠰᠤᠬᠤ ᠭᠡᠷᠩ ᠦᠯᠥ ᠭᠠᠷᠬᠤ᠂ ᠴᠠᠬᠢᠯᠭᠠᠨ ᠬᠠᠩᠭᠠᠬᠤ ᠶᠢ ᠰᠡᠷᠬᠦᠭᠡᠭᠰᠡᠨ ᠤ | ᠳᠡᠷᠠᠭ᠎ᠠ ᠲᠠᠭᠠᠯᠳᠤᠯ ᠭᠠᠢ ᠭᠠᠮᠰᠢᠭ ᠦᠯᠥ ᠭᠠᠷᠬᠤ ᠶᠢ ᠰᠣᠳᠣᠯᠥᠨ ᠮᠠᠭᠠᠳᠯᠠᠬᠤ ᠪᠠᠷ ᠳᠠᠮᠵᠢᠨ᠂ ︽ᠭᠡᠡ | ᠨᠡᠶᠢᠳᠡᠯᠡᠪᠡᠯ᠂ ᠲᠡᠷᠡ ᠬᠦᠴᠣᠨ ᠦᠭᠡᠢ ᠪᠤᠯᠭᠠᠬᠤ︾ ᠵᠠᠷᠴᠢᠮ ᠶᠣᠰᠣᠭᠠᠷ᠂ ᠨᠡᠶᠢᠳᠡᠯᠡᠭᠰᠡᠨ ᠨᠢᠭᠡᠴᠡ ᠠᠴᠠ | ᠰᠡᠷᠡᠮᠵᠢᠯᠡᠬᠦᠯᠥᠯ ᠢᠶᠠᠨ ᠬᠦᠴᠣᠨ ᠦᠭᠡᠢ ᠪᠤᠯᠭᠠᠬᠤ ᠶᠢ ᠵᠠᠷᠯᠠᠵᠦ᠂ ᠪᠠᠴᠢᠮ ᠪᠠᠶᠢᠳᠡᠯ ᠢ ᠠᠷᠭᠠᠴᠠᠬᠤ ᠳᠤ | ᠬᠤᠯᠪᠣᠭᠳᠠᠭᠰᠠᠨ ᠠᠵᠢᠯ ᠤᠳ ᠢ ᠵᠣᠭᠰᠣᠭᠠᠨ᠎ᠠ᠃ | ︵ᠭᠤᠷᠪᠠ︶ ᠮᠡᠳᠡᠭᠡ ᠵᠠᠩᠭᠢ ᠶᠢᠨ ᠮᠡᠳᠡᠭᠦᠯᠦᠯᠲᠡ | ᠥᠷᠭᠡᠨ ᠬᠡᠪᠴᠢᠶᠡᠨ ᠤ ᠴᠠᠬᠢᠯᠭᠠᠨ ᠵᠣᠭᠰᠤᠭᠰᠠᠨ ᠭᠡᠷᠩ ᠭᠠᠷᠣᠠᠠᠰᠠᠨ ᠤ ᠳᠡᠷᠠᠭ᠎ᠠ᠂ ᠴᠠᠬᠢᠯᠭᠠᠨ ᠬᠦᠴᠣᠨ ᠤ | ᠬᠠᠮᠢᠶ᠎ᠠ ᠪᠦᠬᠦᠢ ᠠᠵᠦ ᠠᠬᠤᠶᠢᠯᠠᠯ ᠬᠢᠨ ᠨᠦᠯᠤᠭᠡᠯᠡᠭᠳᠡᠭᠰᠡᠨ ᠣᠷᠣᠨ ᠪᠦᠰᠡ ᠶᠢᠨ ᠬᠠᠷᠢᠶ᠎ᠠ ᠴᠠᠬᠢᠯᠭᠠᠨ ᠬᠦᠴᠣᠨ ᠤ | ᠬᠠᠮᠢᠶᠡᠷᠦᠯᠳᠡ ᠶᠢᠨ ᠰᠠᠯᠠᠭ᠎ᠠ ᠮᠦᠴᠢᠷ ᠪᠤᠯᠥᠨ ᠨᠦᠯᠤᠭᠡᠯᠡᠭᠳᠡᠭᠰᠡᠨ ᠣᠷᠣᠨ ᠪᠦᠰᠡ ᠶᠢᠨ ᠰᠤᠮᠤ ᠪᠠᠯᠭᠠᠰᠦ | ᠳᠡᠯᠡᠪᠡᠢ ᠳᠤ ᠳᠠᠷᠦ᠋ᠢᠬᠠᠨ ᠮᠡᠳᠡᠬᠦᠯᠥᠯᠳᠡ ᠬᠢᠬᠦ ᠶᠢᠨ ᠬᠠᠮᠳᠣ᠂ ᠣᠯᠥᠰ ᠤᠨ ᠡᠨᠧᠷᠬᠢ ᠶᠢᠨ ᠲᠣᠪᠴᠢᠶ᠎ᠠ ᠶᠢᠨ ᠵᠡᠬᠦᠨ | ᠬᠤᠶᠢᠳᠤ ᠶᠢᠨ ᠬᠢᠨᠡᠯᠳᠡ ᠬᠠᠮᠢᠶᠡᠷᠦᠯᠳᠡ ᠶᠢᠨ ᠲᠣᠪᠴᠢᠶ᠎ᠠ ᠳᠤ ᠮᠡᠳᠡᠬᠦᠯᠥᠨ᠎ᠠ᠃ | ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢᠴᠢᠯᠠᠯᠳᠠ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ ᠵᠢᠴᠢ | ᠡᠯ᠎ᠡ ᠰᠤᠮᠤ ᠪᠠᠯᠭᠠᠰᠤ ᠲᠠᠯᠠᠪᠠᠢ ᠬᠢᠨ ᠥᠷᠭᠡᠨ ᠬᠡᠪᠴᠢᠶᠡᠨ ᠤ ᠴᠠᠬᠢᠯᠭᠠᠨ ᠵᠣᠭᠰᠤᠭᠰᠠᠨ ᠭᠡᠷᠩ ᠤᠨ ᠮᠡᠳᠡᠭᠡ | ᠵᠠᠩᠬᠢ ᠶᠢᠨ ᠮᠡᠳᠡᠬᠦᠯᠥᠯᠳᠡ ᠪᠤᠶᠤ ᠬᠢᠨᠡᠨ ᠰᠢᠨᠵᠢᠭᠰᠡᠨ ᠬᠠᠮᠢᠶ᠎ᠠ ᠪᠦᠬᠦᠢ ᠮᠡᠳᠡᠭᠡ ᠵᠠᠩᠬᠢ ᠶᠢ ᠬᠦᠯᠢᠶᠡᠨ ᠠᠪᠤᠠᠠᠰᠠᠨ ᠤ | ᠳᠡᠷᠠᠭ᠎ᠠ᠂ ᠳᠠᠷᠦ᠋ᠢᠬᠠᠨ ᠬᠢᠨᠡᠨ ᠬᠠᠷᠭᠤᠭᠤᠯᠥᠯᠳᠡ ᠬᠢᠵᠦ᠂ ᠥᠷᠭᠡᠨ ᠬᠡᠪᠴᠢᠶᠡᠨ ᠤ ᠴᠠᠬᠢᠯᠭᠠᠨ ᠵᠣᠭᠰᠤᠭᠰᠠᠨ | ᠭᠡᠷᠩ ᠤᠨ ᠰᠢᠨᠵᠢ ᠴᠢᠨᠡᠷ᠂ ᠳᠥᠷᠦᠯ ᠢᠯᠭᠠᠯ ᠳᠤ ᠠᠩᠬ᠎ᠠ ᠮᠠᠭᠠᠳᠯᠠᠯᠳᠡ ᠬᠢᠵᠦ᠂ ᠣᠯᠥᠰ ᠤᠨ ᠲᠣᠠᠠᠳᠠᠭᠠᠠᠠᠰᠠᠨ | ᠴᠠᠭ ᠤᠨ ᠬᠢᠵᠠᠭᠠᠷ᠂ ᠳᠡᠰ ᠳᠡᠷᠡᠭᠠᠯᠠᠯ ᠪᠠ ᠱᠠᠭᠠᠷᠳᠡᠯᠭ᠎ᠠ ᠶᠣᠰᠣᠭᠠᠷ ᠳᠡᠭᠡᠳᠦ ᠱᠠᠳᠣᠨ ᠤ ᠴᠠᠬᠢᠯᠭᠠᠨ ᠬᠦᠴᠣᠨ ᠤ | ᠬᠠᠮᠢᠶᠡᠷᠦᠯᠳᠡ ᠶᠢᠨ ᠰᠠᠯᠠᠭ᠎ᠠ ᠮᠦᠴᠢᠷ ᠪᠤᠯᠥᠨ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠳᠤ ᠮᠡᠳᠡᠬᠦᠯᠵᠦ᠂ | ᠠᠳᠡᠯᠢ ᠱᠠᠳᠣᠨ ᠤ ᠪᠤᠰᠣᠳ ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠥᠨ ᠨᠢᠭᠡᠴᠡ ᠳᠤ ᠨᠡᠪᠲᠡᠷᠡᠭᠦᠯᠦᠨ ᠮᠡᠳᠡᠭᠡᠯᠡᠬᠦ | ᠬᠡᠷᠡᠭᠲᠡᠢ᠃ ᠡᠯ᠎ᠡ ᠰᠤᠮᠤ ᠪᠠᠯᠭᠠᠰᠤ ᠲᠠᠯᠠᠪᠠᠶ ᠬᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠱᠠᠲᠤ ᠳᠠᠷᠠᠭᠠᠯᠠᠨ | ᠬᠠᠮᠢᠶ᠎ᠠ ᠪᠥᠬᠦᠶ ᠮᠡᠳᠡᠭᠡ ᠵᠠᠩᠭᠢ ᠪᠠᠨ ᠳᠡᠭᠡᠭᠰᠢ ᠮᠡᠳᠡᠭᠦᠯᠵᠦ᠂ ᠴᠢᠬᠤᠯᠠᠲᠠᠶ ᠦᠶ᠎ᠡ ᠳᠤ ᠱᠠᠲᠤ ᠠᠯᠤᠰᠯᠠᠨ ᠳᠡᠭᠡᠭᠰᠢ | ᠮᠡᠳᠡᠭᠦᠯᠵᠦ ᠪᠣᠯᠤᠨ᠎ᠠ᠃ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢᠴᠢᠯᠠᠯᠳᠠ ᠪᠠ ᠰᠢᠨᠵᠢᠯᠡᠭᠡ ᠮᠡᠷᠭᠡᠵᠢᠯ ᠤᠨ | ᠲᠣᠪᠴᠢᠶ᠎ᠠ ᠬᠢᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠮᠡᠳᠡᠭᠦᠯᠦᠯᠲᠡ ᠶᠢ ᠣᠯᠤᠭᠰᠠᠨ ᠤ | ᠳᠠᠷᠠᠭ᠎ᠠ᠂ ᠲᠡᠷᠡ ᠳᠠᠷᠤᠶ ᠳᠤᠨᠢ ᠬᠤᠯᠪᠣᠭᠳᠠᠯ ᠪᠥᠬᠦᠶ ᠪᠠᠶᠢᠳᠠᠯ ᠢ ᠬᠢᠨᠠᠨ ᠬᠠᠷᠭᠤᠭᠤᠯᠬᠤ ᠶᠢᠨ ᠬᠠᠮᠲᠤ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ᠃ ᠥᠷᠭᠡᠨ ᠬᠡᠪᠴᠢᠶᠡᠨ ᠳᠤ ᠴᠠᠬᠢᠯᠭᠠᠨ ᠵᠣᠭᠰᠤᠭᠰᠠᠨ | ᠭᠡᠷᠩ ᠢ ᠠᠩᠬ᠎ᠠ ᠮᠠᠭᠠᠳᠯᠠᠭᠰᠠᠨ ᠨᠢ ᠬᠦᠨᠳᠤ ᠵᠢᠴᠢ ᠡᠭᠦᠨ ᠠᠴᠠ ᠲᠡᠭᠡᠭᠰᠢ ᠪᠤᠯ ᠬᠤᠰᠢᠭᠤᠨ ᠤ ᠠᠵᠤ ᠦᠢᠯᠡᠳᠪᠦᠷᠢ | ᠮᠡᠳᠡᠭᠡ ᠵᠠᠩᠬᠢᠵᠢᠯᠲᠠ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ ᠠᠴᠠ ᠳᠠᠷᠦ᠋ᠢᠬᠠᠨ ᠬᠤᠰᠢᠭᠤᠨ ᠤ ᠠᠷᠠᠳ ᠤᠨ | ᠵᠠᠰᠠᠭ ᠤᠨ ᠣᠷᠳᠤᠨ ᠳᠤ ᠮᠡᠳᠡᠭᠦᠯᠵᠦ᠂ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠠᠴᠠ ᠲᠤᠭᠳᠠᠭᠰᠠᠨ ᠳᠡᠰ | ᠳᠠᠷᠠᠭᠠᠯᠠᠯ ᠶᠣᠰᠤᠭᠠᠷ ᠲᠥᠩᠯᠢᠶᠤᠤ ᠬᠤᠲᠠ ᠶᠢᠨ ᠠᠷᠠᠳ ᠤᠨ ᠵᠠᠰᠠᠭ ᠤᠨ ᠣᠷᠳᠤᠨ ᠳᠤ ᠮᠡᠳᠡᠭᠦᠯᠬᠦ ᠬᠡᠷᠡᠭᠲᠡᠢ᠃ |