ᠪᠦᠦ ᠸᠧᠨ ᠯᠠᠨ ᠰᠣᠶᠣᠯ ᠵᠢᠭᠤᠯᠴᠢᠯᠠᠯ ᠤᠨ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2024/4/22
    4 ᠰᠠᠷ᠎ᠠ ᠶᠢᠨ 20 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠰᠣᠶᠣᠯ ᠵᠢᠭᠤᠯᠴᠢᠯᠠᠯ ᠤᠨ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠬᠤᠷᠠᠯ ᠢ ᠡᠷᠭᠢᠯᠡᠨ ᠬᠢᠵᠦ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃     ᠬᠤᠷᠠᠯ ᠠᠴᠠ ᠭᠦᠩ ᠶᠧ ᠼᠠᠩ ᠤᠨ ᠲᠦᠷᠦᠯ ᠵᠦᠢᠯ᠂ ᠠᠷᠤ ᠭᠠᠵᠠᠷ ᠤᠨ ᠬᠤᠪᠢᠯᠭᠠᠨ ᠷᠠᠰᠢᠶᠠᠨ ᠤ ᠥᠪᠡᠷ ᠢᠶᠠᠨ ᠪᠠᠷᠢᠵᠤ ᠵᠤᠭᠠᠴᠠᠬᠤ ᠬᠡᠭᠡᠷ᠎ᠡ ᠶᠢᠨ ᠪᠠᠭᠤᠴᠠ᠂ ᠡᠮᠦᠨ᠎ᠡ ᠪᠣᠯᠠᠭᠲᠤ ᠶᠢᠨ ᠪᠠᠭᠤᠷᠢ ᠶᠢᠨ ᠮᠦᠽᠧᠢ᠂  ᠫᠣᠤ  ᠲᠠᠢ ᠱᠠᠨ ᠠᠭᠤᠯᠠ ᠶᠢᠨ ᠰᠥᠨᠢ ᠶᠢᠨ ᠠᠵᠤ ᠠᠬᠤᠢ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠦᠷᠦᠯ ᠵᠦᠢᠯ ᠤᠨ ᠲᠥᠯᠦᠪᠵᠢᠭᠦᠯᠭᠡ ᠵᠢᠷᠤᠭ ᠲᠥᠯᠥᠪᠯᠡᠭᠡ᠂ ᠲᠦᠷᠦᠯ ᠵᠦᠢᠯ ᠤᠨ ᠪᠡᠯᠡᠳᠬᠡᠯ᠂ ᠭᠠᠷᠳᠠᠮ ᠤᠨ ᠭᠦᠢᠴᠡᠳᠬᠡᠯ᠂ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢᠨ ᠳᠡᠰ ᠳᠠᠪᠰᠢᠯᠲᠠ ᠵᠡᠷᠭᠡ ᠶᠢ ᠨᠠᠷᠢᠨ ᠣᠶᠢᠯᠠᠭᠠᠵᠤ᠂ ᠲᠦᠷᠦᠯ ᠵᠦᠢᠯ ᠤᠨ ᠭᠠᠵᠠᠷ ᠲᠠᠲᠠᠪᠤᠷᠢᠯᠠᠯᠲᠠ᠂ ᠠᠵᠤ ᠦᠢᠯᠡᠰ ᠤᠨ ᠵᠠᠮ ᠤᠨ ᠪᠠᠷᠢᠯᠭ᠎ᠠ᠂ ᠡᠵᠡᠩᠨᠡᠯᠲᠡ ᠬᠠᠮᠢᠶᠠᠷᠤᠯᠲᠠ᠂ ᠠᠵᠢᠯᠲᠠᠨ ᠤ ᠪᠣᠯᠪᠠᠰᠤᠷᠠᠯ ᠵᠡᠷᠭᠡ ᠪᠠᠶᠢᠳᠠᠯ ᠢ ᠭᠦᠨᠵᠡᠭᠡᠢ ᠰᠣᠯᠢᠯᠴᠠᠪᠠ᠃     ᠪᠦᠦ ᠸᠧᠨ ᠯᠠᠨ ᠴᠢᠬᠤᠯᠠᠴᠢᠯᠠᠭᠰᠠᠨ ᠨᠢ᠂ ᠲᠤᠰ ᠭᠠᠵᠠᠷ ᠤᠨ ᠢᠶᠠᠨ ᠠᠮᠢ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠦᠨᠳᠦᠰᠦᠯᠡᠵᠦ᠂ ᠬᠥᠳᠡᠭᠡ ᠲᠣᠰᠬᠤᠨ ᠤ ᠣᠨᠴᠠᠯᠢᠭᠲᠤ ᠵᠢᠭᠤᠯᠴᠢᠠᠯᠯ ᠤᠨ ᠠᠵᠤ ᠦᠢᠯᠡᠰ ᠢ ᠶᠡᠬᠡᠪᠡᠷ ᠬᠥᠭᠵᠢᠭᠦᠯᠬᠦ ᠬᠡᠷᠡᠭᠲᠡᠢ᠃ ᠰᠣᠶᠣᠯ ᠵᠢᠭᠤᠯᠴᠢᠯᠠᠯ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠤᠨ ᠠᠬᠢᠴᠠ ᠶᠢ ᠲᠦᠷᠭᠡᠳᠬᠡᠵᠦ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠲᠦᠰᠦᠯ ᠢᠶᠠᠷ ᠠᠵᠢᠯᠯᠠᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ  ᠬᠢᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠲᠥᠷᠥᠯ ᠵᠦᠢᠯ ᠢ ᠲᠥᠯᠥᠪᠵᠢᠭᠦᠯᠬᠦ ᠵᠡᠷᠭᠡ ᠲᠠᠯ᠎ᠠ ᠶᠢᠨ ᠠᠵᠢᠯ ᠢ ᠵᠢᠯᠣᠭᠤᠳᠤᠨ ᠰᠠᠶᠢᠲᠤᠷ ᠬᠢᠬᠦ ᠬᠡᠷᠡᠭᠲᠡᠢ᠃ ᠦᠪᠡᠷ ᠦᠪᠡᠷ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠦᠪᠡᠷ ᠦᠪᠡᠷ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠦᠢᠯᠡᠴᠢᠯᠡᠭᠡ ᠪᠠᠨ ᠰᠢᠯᠢᠳᠡᠭᠵᠢᠭᠦᠯᠦᠨ ᠠᠬᠢᠴᠠ ᠶᠢ ᠠᠳᠬᠤᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠦᠷᠦᠯ ᠵᠦᠢᠯ ᠤᠨ ᠭᠠᠷᠳᠠᠮ ᠢ ᠲᠦᠷᠭᠡᠨ ᠭᠦᠢᠴᠡᠳᠬᠡᠵᠦ᠂ ᠭᠤᠣᠯᠳᠠᠯᠭ᠎ᠠ ᠲᠠᠢ ᠲᠦᠷᠦᠯ ᠵᠦᠢᠯ ᠢ ᠨᠠᠶᠢᠲᠠᠪᠣᠷᠢᠵᠢᠭᠤᠯᠬᠤ ᠠᠵᠢᠯ ᠢ ᠬᠠᠮᠵᠢᠯᠴᠠᠨ ᠠᠬᠢᠭᠤᠯᠬᠤ ᠬᠡᠷᠡᠭᠲᠡᠢ᠃ ᠯᠦᠪᠸᠢ ᠪᠠᠯᠭᠠᠰᠤ ᠬᠢᠨ ᠨᠢᠭᠲᠠ ᠬᠠᠮᠵᠢᠯᠴᠠᠵᠤ᠂ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠰᠣᠶᠣᠯ ᠢ ᠭᠦᠨ ᠠᠭᠤᠳᠠᠯᠬᠤ ᠪᠠᠷ ᠳᠠᠮᠵᠢᠭᠤᠯᠤᠨ᠂ ᠰᠣᠶᠣᠯ ᠤᠨ ᠵᠢᠭᠤᠯᠴᠢᠯᠠᠯ ᠤᠨ ᠡᠬᠢ ᠪᠠᠶᠠᠯᠢᠭ ᠢ ᠠᠮᠢᠯᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠣᠯ ᠰᠡᠳᠦᠪ ᠢ ᠲᠣᠪᠤᠶᠢᠯᠭᠠᠨ᠂ ᠣᠨᠴᠠᠯᠢᠭᠲᠤ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠬᠦᠴᠦᠯᠡᠨ ᠪᠣᠶ ᠪᠣᠯᠭᠠᠵᠤ᠂ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠪᠥᠬᠦ ᠬᠤᠰᠢᠭᠤᠨ ᠤ ᠵᠢᠭᠤᠯᠴᠢᠯᠠᠯ ᠤᠨ ᠠᠵᠤ ᠦᠢᠯᠡᠰ ᠢ ᠦᠨᠡᠨ ᠬᠦ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ ᠭᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号