| 4 ᠰᠠᠷ᠎ᠠ ᠶᠢᠨ 19 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠷᠤᠳ ᠬᠤᠰᠢᠭᠤᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 80 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ | ᠬᠢᠪᠡ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ | ᠰᠠᠨᠠᠭ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 | ᠣᠨ ᠤ ︽ᠲᠠᠪᠤᠨ ᠶᠡᠭᠡ ᠡᠭᠦᠷᠭᠡ︾ ᠶᠢᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠲᠣᠭᠲᠠᠭᠠᠭᠰᠠᠨ | ᠪᠠᠶᠢᠳᠠᠯ ᠢ ᠰᠣᠨᠣᠰᠴᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠣ ᠶᠠᠨ ᠵᠢᠶᠦ᠋ᠨ ᠬᠤᠷᠠᠯ ᠡᠷᠭᠢᠯᠡᠪᠡ᠃ | ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠢ ᠰᠢᠭᠤᠢ ᠶᠢᠨ ᠠᠬᠠᠯᠠᠭᠴᠢ ᠶᠢᠨ ᠳᠦᠷᠢᠮ᠂ ᠭᠤᠣᠯ ᠮᠥᠷᠡᠨ ᠨᠠᠭᠤᠷ | ᠴᠥᠭᠦᠷᠥᠮ ᠤᠨ ᠠᠬᠠᠯᠠᠭᠴᠢ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠮᠲᠤᠷᠠᠯᠴᠠᠨ ᠬᠠᠮᠵᠢᠯᠴᠠᠬᠤ ᠶᠢ | ᠴᠢᠩᠭᠠᠳᠬᠠᠵᠤ᠂ ᠠᠵᠢᠯ ᠤᠨ ᠡᠭᠦᠷᠭᠡ ᠪᠠᠨ ᠨᠠᠷᠢᠯᠢᠭᠵᠢᠭᠤᠯᠵᠤ᠂ ᠤᠰᠤ ᠤᠢ ᠰᠢᠭᠤᠢ ᠶᠢ ᠵᠠᠰᠠᠬᠤ ᠪᠠᠶᠢᠩᠭᠤ ᠶᠢᠨ | ᠲᠣᠭᠲᠠᠴᠠ ᠶᠢ ᠪᠠᠶᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠤᠯᠠᠭᠠᠨ ᠱᠤᠭᠤᠮ ᠤᠨ ᠤᠬᠠᠮᠰᠠᠷ ᠢ | ᠴᠢᠩᠭᠠᠳᠬᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠡᠮ ᠰᠣᠭᠤᠭ ᠢ ᠪᠠᠶᠢᠴᠠᠭᠠᠬᠤ ᠶᠢ | ᠨᠠᠷᠢᠯᠢᠭᠵᠢᠭᠤᠯᠵᠤ᠂ ᠬᠠᠷᠢᠭᠤᠴᠠᠯᠭ᠎ᠠ ᠡᠭᠦᠷᠭᠡᠯᠡᠯ ᠢ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ | ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ | ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠢ ᠪᠡᠶᠡᠯᠡᠭᠦᠯᠬᠦ ᠪᠣᠯ ᠬᠤᠰᠢᠭᠤ | ᠳᠠᠶᠠᠭᠠᠷ ᠢᠶᠠᠷ ᠢᠶᠠᠨ ᠡᠷᠬᠡᠪᠰᠢ ᠡᠭᠦᠷᠭᠡᠯᠡᠬᠦ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠮᠥᠨ᠂ ᠡᠯ᠎ᠡ | ᠲᠦᠷᠦᠭᠦᠯᠡᠬᠦ ᠰᠠᠯᠠᠭ᠎ᠠ ᠮᠥᠴᠢᠷ ᠬᠢᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠠᠵᠢᠯ ᠤᠨ | ᠮᠡᠳᠡᠷᠡᠮᠵᠢ ᠪᠠᠨ ᠳᠡᠭᠡᠭᠰᠢᠯᠡᠭᠦᠯᠦᠨ᠂ ᠪᠤᠰᠤᠳᠴᠢ ᠪᠣᠳᠠᠲᠤ ᠪᠠᠶᠢᠳᠠᠯ ᠢ ᠦᠨᠳᠦᠰᠦᠯᠡᠨ᠂ ᠨᠠᠷᠢᠨ ᠨᠢᠮᠪᠠᠢ ᠰᠤᠳᠤᠯᠤᠨ | ᠮᠠᠭᠠᠳᠯᠠᠵᠤ᠂ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ | ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠠᠵᠢᠯ ᠤᠨ ᠦᠷ᠎ᠡ ᠪᠦᠲᠦᠮᠵᠢ ᠪᠠᠨ ᠦᠨᠡᠨᠬᠦ | ᠳᠡᠭᠡᠭᠰᠢᠯᠡᠭᠦᠯᠵᠦ᠂ ᠪᠥᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | | ᠬᠤᠷᠠᠯ ᠠᠴᠠ ᠪᠠᠰᠠ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ | ᠠᠰᠠᠭᠤᠳᠠᠯ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠮᠡᠳᠡᠭᠳᠡᠯ ᠢ ᠤᠯᠠᠮᠵᠢᠯᠠᠪᠠ︔ ᠵᠠᠷᠤᠳ | ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠣᠯᠠᠨ ᠲᠦᠮᠡᠨ ᠤ | ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ | ᠠᠵᠢᠯ ᠤᠨ ᠲᠥᠰᠥᠯ ︵ᠶᠠᠷᠢᠯᠴᠠᠬᠤ ᠨᠣᠣᠷᠠᠭ︶ ᠵᠢᠴᠢ ᠪᠤᠰᠤᠳ ᠵᠦᠢᠯᠡᠰ ᠢ ᠬᠢᠨᠠᠨ ᠵᠥᠪᠯᠡᠪᠡ᠃ | ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ | ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ | ᠱᠦᠵᠢ ᠶᠠᠩ ᠽᠢ ᠴᠢᠶᠠᠩ ᠵᠡᠷᠭᠡ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠤᠷᠠᠯ ᠳᠤ | ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠷᠬᠢᠯᠡᠭᠴᠢ ᠦ᠋ ᠴᠢᠩ ᠬᠠᠢ ᠵᠡᠷᠭᠡ ᠤᠳᠤᠷᠢᠳᠤᠯᠭ᠎ᠠ ᠬᠤᠷᠠᠯ ᠳᠤ ᠰᠤᠯᠠ ᠣᠷᠣᠯᠴᠠᠪᠠ᠃ |