ᠣᠶᠢᠷ᠎ᠠ ᠳᠤ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠬᠢᠨ ᠳᠥᠷᠪᠡᠳᠦᠭᠡᠷ ᠬᠤᠭᠤᠴᠠᠭᠠᠨ ᠤ | ᠭᠡᠭᠡᠷ᠎ᠡ ᠶᠢᠨ ᠬᠦᠢᠯᠡᠰᠦᠨ ᠴᠡᠴᠡᠭ · ᠬᠤᠷᠴᠠ ᠤᠯᠠᠭᠠᠨ ᠴᠡᠴᠡᠭ ᠤᠨ ᠪᠠᠶᠠᠷ ᠢᠶᠠᠷ ᠠᠵᠠ ᠲᠣᠬᠢᠶᠠᠯ ᠪᠣᠯᠭᠠᠨ᠂ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ | ᠪᠠᠶᠢᠭᠤᠯᠵᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ | ᠰᠠᠶᠢᠨ ᠳᠤᠷ᠎ᠠ ᠶᠢᠨ ᠠᠵᠢᠯᠯᠠᠭᠴᠢᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠬᠠᠤᠯᠢ ᠴᠠᠭᠠᠵᠠ ᠶᠢᠨ ᠯᠠᠪᠯᠠᠯᠭ᠎ᠠ | ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠬᠤᠢ ᠲᠠᠯᠠᠪᠤᠷ ᠤᠨ ᠣᠯᠠᠨ ᠲᠦᠮᠡᠨ ᠳᠤ ︽ | ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠵᠡᠷᠭᠡ ᠣᠯᠠᠨ ᠲᠦᠮᠡᠨ ᠤ | ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠵᠤ᠂ | ᠦᠨᠳᠦᠰᠦᠲᠡᠨ ᠨᠦᠭᠦᠳ ᠢ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠡᠩᠭᠡ ᠠᠮᠤᠭᠤᠯᠠᠩ ᠵᠠᠷᠤᠳ᠂ | ᠬᠠᠤᠯᠢ ᠪᠠᠷ ᠵᠠᠰᠭᠰᠠᠨ ᠵᠠᠷᠤᠳ ᠢ ᠬᠠᠮᠲᠤ ᠪᠠᠷ ᠪᠠᠶᠢᠭᠤᠯᠬᠤ ᠶᠢ ᠬᠥᠲᠥᠯᠥᠨ ᠵᠢᠯᠣᠭᠤᠳᠪᠠ᠃ | | | |