| 4 ᠰᠠᠷ᠎ᠠ ᠶᠢᠨ 24 ᠤ ᠡᠳᠦᠷ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠲᠠᠷᠢᠶᠠᠯᠠᠩ ᠤᠨ | ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠬᠢᠨᠠᠨ ᠵᠢᠯᠤᠭᠤᠳᠬᠤ ᠳᠤᠭᠤᠶᠢᠯᠠᠩ | ᠬᠢᠨ ᠵᠠᠷᠤᠳ ᠬᠤᠰᠢᠭᠤᠨ ᠳᠤ ᠢᠷᠡᠵᠦ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠠᠵᠢᠯ ᠢ ᠬᠢᠨᠠᠨ ᠵᠢᠯᠣᠭᠤᠳᠪᠠ᠃ ᠳᠡᠳ᠋ ᠬᠤᠰᠢᠭᠤᠨ ᠳᠠᠷᠤᠭ᠎ᠠ ᠼᠦᠢ ᠯᠧᠢ ᠯᠧᠢ ᠵᠢᠴᠢ | ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠣᠯᠣᠨ ᠲᠤᠬᠠᠶᠢᠯᠠᠭᠰᠠᠨ ᠠᠵᠢᠯ ᠤᠨ ᠠᠵᠢᠯᠲᠠᠨ ᠪᠠᠷ᠎ᠠ | ᠪᠣᠯᠪᠠ᠃ ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨ ᠬᠠᠷᠢᠭᠤ ᠮᠡᠳᠡᠭᠦᠯᠦᠯᠲᠡ ᠶᠢ ᠰᠣᠨᠣᠰᠬᠤ᠂ ᠠᠬᠤᠢ | ᠲᠠᠯᠠᠪᠠᠢ ᠳᠤ ᠪᠠᠶᠢᠴᠠᠭᠠᠨ ᠦᠵᠡᠬᠦ᠂ ᠰᠠᠭᠤᠳᠠᠯ ᠤᠨ ᠬᠤᠷᠠᠯ ᠬᠢᠬᠦ ᠵᠡᠷᠭᠡ ᠠᠷᠭ᠎ᠠ ᠬᠡᠯᠪᠡᠷᠢ ᠪᠠᠷ ᠪᠦᠬᠦ ᠬᠤᠰᠢᠭᠤᠨ ᠤ | ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠮᠵᠢᠯᠲᠡ ᠶᠢᠨ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠤᠨ ᠤᠰᠤᠨ ᠤ ᠡᠷᠬᠡ ᠶᠢᠨ ᠳᠦᠷᠢᠮ ᠤᠨ | ᠪᠠᠶᠢᠭᠤᠯᠤᠯᠲᠠ ᠪᠠ ᠨᠠᠶᠢᠳᠠᠪᠤᠷᠢᠵᠢᠭᠤᠯᠤᠯᠲᠠ᠂ ᠲᠠᠷᠢᠶᠠᠯᠠᠩ ᠤᠨ ᠤᠰᠤᠨ ᠤ ᠦᠨ᠎ᠡ ᠶᠢᠨ ᠬᠡᠷᠡᠭᠵᠢᠭᠦᠯᠦᠯᠲᠡ ᠵᠡᠷᠭᠡ | ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠪᠠ᠃ | | | |