ᠵᠠᠷᠤᠳ ᠬᠤᠰᠢᠭᠤᠨ ᠤ 801 ᠠᠭᠤᠷᠬᠠᠢ ᠶᠢᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠶᠡᠷᠦᠩᠬᠡᠶᠢᠯᠡᠨ ᠬᠤᠷᠢᠶᠠᠨ ᠠᠪᠴᠤ ᠠᠰᠢᠭᠯᠠᠬᠤ ᠲᠥᠷᠥᠯ ᠵᠦᠢᠯ ᠢ ᠠᠬᠢᠭᠤᠯᠬᠤ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2024/4/28
       4 ᠰᠠᠷ᠎ᠠ ᠶᠢᠨ 26 ᠤ ᠡᠳᠦᠷ᠂ ᠵᠠᠷᠤᠳ ᠬᠤᠰᠢᠭᠤ 801 ᠠᠭᠤᠷᠬᠠᠢ ᠶᠢᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠶᠡᠷᠦᠩᠬᠡᠶᠢᠯᠡᠨ ᠬᠤᠷᠢᠶᠠᠨ ᠠᠪᠴᠤ ᠠᠰᠢᠭᠯᠠᠬᠤ ᠲᠥᠷᠥᠯ ᠵᠦᠢᠯ ᠢ  ᠠᠬᠢᠭᠤᠯᠬᠤ ᠰᠠᠭᠤᠳᠠᠯ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠬᠤᠷᠠᠯ ᠡᠷᠭᠢᠯᠡᠪᠡ᠃ ᠵᠦᠩ ᠾᠧ ᠡᠬᠢ ᠪᠠᠶᠠᠯᠢᠭ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠶᠡᠷᠦᠩᠬᠡᠢ ᠳᠠᠭᠠᠭᠠᠮᠠᠯ ᠸᠠᠨ ᠵᠢᠶᠦ᠋ᠨ᠂ ᠶᠡᠷᠦᠩᠬᠡᠶᠢᠯᠡᠭᠰᠡᠨ ᠠᠭᠤᠷᠬᠠᠢ ᠶᠢᠨ ᠦᠢᠯᠡᠰ ᠤᠨ ᠬᠡᠯᠲᠡᠰ ᠤᠨ ᠱᠦᠵᠢ ᠰᠦᠨ ᠶᠢᠨ ᠯᠢᠶᠠᠩ ᠪᠣᠯᠣᠨ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠠᠭᠤᠷᠬᠠᠢ ᠶᠢᠨ ᠦᠢᠯᠡᠰ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠶᠡᠷᠦᠩᠬᠡᠢ ᠳᠠᠭᠠᠭᠠᠮᠠᠯ ᠰᠦᠨ ᠱᠧᠩ᠂ ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ᠂ ᠫᠠᠨ ᠫᠧᠩ ᠹᠧᠢ ᠬᠤᠷᠠᠯ ᠳᠤ ᠣᠷᠣᠯᠴᠠᠪᠠ᠃     ᠪᠦᠦ ᠸᠧᠨ ᠯᠠᠨ ᠡᠯ᠎ᠡ ᠠᠵᠤ ᠠᠬᠤᠶᠢᠯᠠᠯ ᠤᠨ ᠵᠠᠷᠤᠳ ᠬᠤᠰᠢᠭᠤᠨ ᠳᠤ ᠢᠷᠡᠵᠦ ᠪᠡᠯᠡ ᠣᠷᠣᠭᠤᠯᠤᠨ ᠦᠢᠯᠡᠰ ᠬᠦᠭᠵᠢᠭᠦᠯᠬᠦ᠂ ᠬᠠᠮᠲᠤᠷᠠᠯᠴᠠᠭ᠎ᠠ ᠶᠢᠨ ᠲᠤᠬᠠᠢ ᠵᠥᠪᠳᠡᠯᠴᠡᠬᠦ ᠶᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ᠂ ᠭᠠᠵᠠᠷ ᠵᠦᠢ ᠶᠢᠨ ᠪᠠᠶᠢᠷᠢᠰᠢᠯ᠂ ᠠᠵᠤ ᠦᠢᠯᠡᠳᠪᠦᠷᠢ᠂ ᠲᠠᠷᠢᠶᠠᠯᠠᠩ ᠮᠠᠯ ᠠᠵᠤ ᠠᠬᠤᠢ᠂ ᠦᠢᠯᠡᠴᠢᠯᠡᠭᠡᠨ ᠤ ᠦᠢᠯᠡᠰ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠵᠡᠷᠭᠡ ᠲᠠᠯ᠎ᠠ ᠪᠠᠷ ᠪᠥᠬᠦ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠪᠠ ᠬᠥᠭᠵᠢᠯᠲᠡ ᠶᠢᠨ ᠰᠡᠳᠬᠢᠮᠵᠢ ᠪᠠᠨ ᠨᠠᠷᠢᠨ ᠲᠠᠨᠢᠯᠴᠠᠭᠤᠯᠪᠠ᠃ ᠲᠡᠷᠡ ᠢᠯᠡᠷᠬᠡᠶᠢᠯᠡᠬᠦ ᠳᠡᠭᠡᠨ᠂ ᠵᠠᠷᠤᠳ ᠬᠤᠰᠢᠭᠤᠨ ᠤ ᠡᠬᠢ ᠪᠠᠶᠠᠯᠢᠭ ᠡᠯᠪᠡᠭ᠂ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠬᠥᠭᠵᠢᠯᠲᠡ ᠶᠢᠨ ᠢᠷᠡᠭᠡᠳᠦᠢ ᠥᠷᠭᠡᠨ ᠠᠭᠤᠳᠠᠮ᠂ ᠰᠠᠶᠢᠨ ᠰᠠᠶᠢᠬᠠᠨ ᠠᠵᠤ ᠦᠢᠯᠡᠰ ᠤᠨ ᠰᠠᠭᠤᠷᠢ ᠲᠠᠢ᠂ ᠡᠬᠢ ᠪᠠᠶᠠᠯᠢᠭ ᠤᠨ ᠬᠦᠴᠦᠨ ᠵᠦᠢᠯ ᠤᠨ ᠬᠠᠩᠭᠠᠯᠭ᠎ᠠ ᠭᠦᠢᠴᠡᠳ᠂ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠲᠡᠭᠦᠯᠳᠡᠷ᠂ ᠣᠷᠴᠢᠨ ᠲᠣᠭᠤᠷᠢᠨ ᠤ ᠳᠠᠭᠠᠭᠠᠴᠠ ᠶᠢᠨ ᠴᠢᠳᠠᠪᠤᠷᠢ ᠴᠢᠩᠭ᠎ᠠ ᠵᠡᠷᠭᠡ ᠲᠣᠪᠣᠶᠢᠮ᠎ᠠ ᠳᠠᠪᠠᠭᠤᠯᠢᠭ ᠢ ᠪᠦᠷᠢᠯᠳᠦᠭᠦᠯᠵᠦ᠂ ᠤᠳᠤ ᠶᠠᠭ ᠨᠢᠭᠡ ᠪᠦᠯᠦᠭ ᠭᠤᠣᠯᠯᠠᠭᠴᠢ ᠥᠷᠢᠰᠦᠯᠳᠦᠬᠦ ᠬᠦᠴᠦᠨ ᠢᠶᠠᠷ ᠴᠢᠩᠭ᠎ᠠ᠂ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢᠶᠠᠷ ᠥᠷᠭᠡᠨ᠂ ᠳᠠᠶᠢᠴᠢᠯᠠᠬᠤ ᠦᠢᠯᠡᠳᠦᠯ ᠢᠶᠠᠷ ᠶᠡᠭᠡ ᠲᠦᠷᠦᠯ ᠵᠦᠢᠯ ᠢ ᠢᠳᠡᠪᠬᠢᠲᠡᠢ ᠪᠣᠶᠢᠵᠢᠭᠤᠯᠤᠨ ᠣᠷᠣᠭᠤᠯᠵᠤ ᠪᠤᠢ᠃ ᠡᠯ᠎ᠡ ᠲᠠᠯ᠎ᠠ ᠶᠢᠨ ᠬᠢᠨ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠲᠦᠷᠦᠯ ᠵᠦᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ᠂ ᠰᠲ᠋ᠣᠺ ᠤᠨ ᠡᠷᠬᠡ ᠶᠢᠨ ᠪᠦᠲᠦᠴᠡ ᠵᠡᠷᠭᠡ ᠠᠵᠢᠯ ᠢ ᠲᠡᠭᠦᠯᠳᠡᠷᠵᠢᠭᠦᠯᠦᠨ ᠲᠣᠭᠲᠠᠭᠠᠵᠤ᠂ ᠪᠦᠲᠦᠭᠡᠨ ᠪᠠᠶᠢᠭᠤᠯᠬᠤ ᠡᠭᠦᠷᠭᠡ ᠶᠢᠨ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠣᠳᠣᠷᠬᠠᠶᠢᠯᠠᠵᠤ᠂ ᠲᠦᠷᠦᠯ ᠵᠦᠢᠯ ᠤᠨ ᠡᠷᠲᠡᠬᠡᠨ ᠠᠵᠢᠯ ᠡᠬᠢᠯᠡᠭᠦᠯᠬᠦ᠂ ᠤᠷᠤᠭᠰᠢᠲᠠᠢ ᠪᠦᠲᠦᠭᠡᠨ ᠪᠠᠶᠢᠭᠤᠯᠬᠤ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠶᠢ ᠬᠦᠰᠡᠵᠦ ᠪᠠᠶᠢᠨ᠎ᠠ᠃ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠪᠣᠯᠣᠨ ᠡᠯ᠎ᠡ ᠬᠠᠮᠢᠶ᠎ᠠ ᠪᠦᠬᠦᠢ ᠨᠢᠭᠡᠴᠡ  ᠬᠢᠨ ᠠᠵᠤ ᠠᠬᠤᠶᠢᠯᠠᠯ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠲᠥᠷᠥᠯ ᠵᠦᠢᠯ ᠢ ᠡᠷᠲᠡ ᠠᠴᠠ ᠠᠰᠢᠭᠯᠠᠯᠲᠠ ᠳᠤ ᠣᠷᠣᠭᠤᠯᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠵᠠᠷᠤᠳ ᠬᠤᠰᠢᠭᠤᠨ ᠳᠤ ᠬᠦᠴᠦᠨ ᠨᠡᠮᠡᠷᠢᠯᠡᠵᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ ᠳᠤᠮᠳᠠ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃     ᠬᠤᠷᠠᠯ ᠳᠡᠭᠡᠷ᠎ᠡ᠂ ᠬᠠᠮᠲᠤ ᠪᠠᠷ ᠢᠶᠠᠨ ᠵᠠᠷᠤᠳ ᠬᠤᠰᠢᠭᠤᠨ ᠤ ᠬᠤᠳᠠᠯᠳᠣᠭᠠᠴᠢᠨ ᠤᠷᠢᠬᠤ ᠤᠬᠠᠭᠤᠯᠭ᠎ᠠ ᠶᠢᠨ ᠹᠢᠯᠢᠮ ᠢ ᠦᠵᠡᠪᠡ︔ ᠬᠤᠷᠠᠯ ᠳᠤ ᠣᠷᠣᠯᠴᠠᠭᠰᠠᠨ ᠡᠯ᠎ᠡ ᠠᠵᠤ ᠠᠬᠤᠶᠢᠯᠠᠯ ᠬᠢᠨ ᠠᠵᠤ ᠠᠬᠤᠶᠢᠯᠠᠯ ᠤᠨ ᠪᠠᠶᠢᠳᠠᠯ ᠪᠠ 801 ᠠᠭᠤᠷᠬᠠᠢ ᠶᠢᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠶᠡᠷᠦᠩᠬᠡᠶᠢᠯᠡᠨ ᠬᠤᠷᠢᠶᠠᠨ ᠠᠪᠴᠤ ᠠᠰᠢᠭᠯᠠᠬᠤ ᠵᠦᠢᠯᠡᠰ ᠤᠨ ᠲᠥᠰᠥᠯ ᠢ ᠲᠡᠰ ᠳᠠᠷᠠᠭᠠᠯᠠᠨ ᠲᠠᠨᠢᠯᠴᠠᠭᠤᠯᠤᠭᠰᠠᠨ ᠪᠥᠭᠡᠳ ᠬᠤᠯᠪᠣᠭᠳᠠᠯ ᠪᠦᠬᠦᠢ ᠰᠢᠢᠳᠪᠦᠷᠢᠯᠡᠬᠦ ᠴᠢᠬᠤᠯᠠᠲᠠᠢ ᠵᠦᠢᠯᠡᠰ ᠢ ᠳᠤᠷᠠᠳᠪᠠ︔ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠬᠢᠨ ᠠᠵᠤ ᠠᠬᠤᠶᠢᠯᠠᠯ ᠤᠨ ᠳᠤᠷᠠᠳᠤᠭᠰᠠᠨ ᠠᠰᠠᠭᠤᠳᠠᠯ ᠳᠤ ᠠᠬᠤᠢ ᠲᠠᠯᠠᠪᠠᠢ ᠶᠢᠨ ᠬᠠᠷᠢᠭᠤᠯᠲᠠ ᠥᠭᠬᠦ ᠶᠢᠨ ᠬᠠᠮᠲᠤ᠂ 801 ᠠᠭᠤᠷᠬᠠᠢ ᠶᠢᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠶᠡᠷᠦᠩᠬᠡᠶᠢᠯᠡᠨ ᠬᠤᠷᠢᠶᠠᠨ ᠠᠪᠴᠤ ᠠᠰᠢᠭᠯᠠᠬᠤ ᠲᠥᠷᠥᠯ ᠵᠦᠢᠯ ᠤᠨ ᠬᠠᠮᠢᠶ᠎ᠠ ᠪᠦᠬᠦᠢ ᠤᠴᠢᠷ ᠶᠠᠪᠤᠳᠠᠯ ᠢ ᠭᠦᠨᠵᠡᠭᠡᠢ ᠶᠡᠷᠢᠯᠴᠠᠪᠠ᠃     ᠥᠪᠥᠷ ᠮᠣᠩᠭᠤᠯ ᠤᠨ ᠵᠠᠷᠤᠳ ᠬᠤᠰᠢᠭᠤᠨ ᠤ ᠯᠦ ᠠᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ 801 ᠠᠭᠤᠷᠬᠠᠢ ᠶᠢᠨ ᠠᠬᠤᠢ ᠲᠠᠯᠠᠪᠠᠢ ᠶᠢᠨ ᠠᠵᠢᠯ ᠤᠨ ᠳᠤᠭᠤᠶᠢᠯᠠᠩ ᠤᠨ  ᠭᠡᠰᠢᠭᠦᠨ ᠪᠠ ᠬᠤᠲᠠ᠂ ᠬᠤᠰᠢᠭᠤ ᠬᠤᠶᠠᠷ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠠᠵᠤ ᠠᠬᠤᠶᠢᠯᠠᠯ ᠤᠨ ᠬᠠᠮᠢᠶ᠎ᠠ ᠪᠦᠬᠦᠢ ᠠᠵᠢᠯᠲᠠᠨ ᠬᠤᠷᠠᠯ ᠳᠤ  ᠣᠷᠣᠯᠴᠠᠪᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号