ᠬᠤᠰᠢᠭᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠬᠤᠲᠠ ᠶᠢᠨ ᠦᠨᠳᠤᠰᠤᠳᠡᠨ ᠤ ᠬᠡᠷᠡᠭ ᠡᠷᠬᠢᠯᠡᠬᠦ ᠵᠥᠪᠯᠡᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠳᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/3
    4 ᠰᠠᠷ᠎ᠠ ᠶᠢᠨ 1 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠦᠨᠳᠤᠰᠤᠳᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠯᠢᠶᠠᠩ ᠲᠢᠶᠧ ᠪᠦᠦ ᠨᠠᠷ ᠲᠤ ᠪᠠᠷ᠎ᠠ ᠪᠣᠯᠵᠤ᠂ ᠮᠠᠨ ᠤ ᠬᠤᠰᠢᠭᠤᠨ ᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠴᠡᠭ ᠤᠨ ᠣᠷᠣᠨ ᠪᠠᠶᠢᠷᠢ ᠶᠢᠨ ᠴᠣᠭᠴᠠᠯᠠᠯᠲᠠ ᠶᠢᠨ ᠠᠵᠢᠯ ᠢ ᠪᠠᠶᠢᠴᠠᠭᠠᠨ ᠵᠢᠯᠤᠭᠤᠳᠪᠠ᠃ ᠬᠤᠰᠢᠭᠤᠨ ᠤ ᠤᠳᠤᠷᠢᠳᠤᠯᠭ᠎ᠠ ᠶᠠᠩ ᠽᠢ ᠴᠢᠶᠠᠩ᠂ ᠵᠠᠩ ᠳ᠋ᠠ ᠫᠧᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ  ᠤᠷᠤᠯᠴᠠᠪᠠ᠃ 
微信图片_20240403094935.jpg
    ᠱᠤᠤ ᠶᠠᠨ ᠵᠢᠶᠦ᠋ᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠠᠢ ᠬᠠᠮᠲᠤ ᠤᠷᠢᠳ ᠬᠤᠵᠢᠳ ᠲᠤᠯᠤᠳᠤ ᠰᠤᠮᠤ ᠶᠢᠨ ᠡᠷᠬᠢᠳᠤ ᠭᠠᠴᠠᠭ᠎ᠠ᠂ ᠯᠦᠪᠸᠢ ᠵᠡᠭᠡᠯᠢ ᠭᠤᠳᠤᠮᠵᠢ ᠶᠢᠨ ᠹᠦ᠋ ᠯᠢ ᠴᠦᠨ ᠴᠧᠩ ᠨᠡᠶᠢᠭᠡᠮ ᠲᠣᠭᠤᠷᠢᠭ᠂ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ᠂ ᠦᠬᠡᠷ ᠤᠨ ᠠᠵᠤ ᠦᠢᠯᠡᠰ ᠤᠨ ᠲᠣᠮᠣ ᠳ᠋ᠠᠶᠢᠲ᠋ᠠ ᠶᠢᠨ ᠲᠠᠪᠴᠠᠩ᠂ ᠵᠢᠷᠤᠭᠡ ᠬᠤᠪᠢᠰᠬᠠᠯ ᠤᠨ ᠲᠡᠦᠬᠡ ᠶᠢᠨ ᠦᠵᠡᠭᠦᠯᠦᠯᠭᠡ ᠶᠢᠨ ᠣᠷᠳᠣᠨ᠂ ᠰᠡᠬᠡᠭᠡᠲᠡᠨ ᠵᠠᠯᠠᠭᠤᠴᠤᠳ ᠤᠨ ᠣᠷᠳᠣᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠵᠢᠴᠢ ᠵᠠᠷᠤᠳ ᠬᠤᠰᠢᠭᠤᠨ ᠤ ᠣᠨᠴᠠᠯᠢᠭᠲᠤ ᠰᠤᠷᠭᠠᠭᠤᠯᠢ ᠳᠤ ᠬᠦᠷᠴᠦ ᠣᠷᠣᠨ ᠪᠠᠶᠢᠷᠢ ᠶᠢᠨ ᠴᠣᠭᠴᠠᠯᠠᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠠᠭᠤᠳᠠᠯ ᠤᠨ ᠬᠤᠷᠠᠯ ᠬᠢᠵᠦ᠂ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠰᠣᠨᠣᠰᠪᠠ᠃     
微信图片_20240403094925.jpg
    ᠪᠠᠶᠢᠴᠠᠭᠠᠨ ᠰᠤᠳᠤᠯᠬᠤ ᠳᠤᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ ᠵᠢᠴᠢ ᠳᠤᠷᠠᠳᠤᠭᠰᠠᠨ ᠰᠠᠨᠠᠯ ᠰᠠᠨᠠᠭᠤᠯᠭ᠎ᠠ ᠳᠤ ᠴᠢᠭᠯᠡᠭᠦᠯᠦᠨ᠂ ᠱᠣᠣ ᠶᠠᠨ ᠵᠢᠶᠦ᠋ᠨ ᠴᠢᠬᠤᠯᠠᠴᠢᠯᠠᠬᠤ ᠳᠠᠭᠠᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ︽ᠡᠭᠦᠳᠦᠨ ᠪᠠᠶᠢᠭᠤᠯᠪᠠᠯ ᠯᠠᠪᠲᠠᠢ ᠪᠦᠲᠦᠭᠡᠬᠦ︾ ᠬᠠᠷᠠᠯᠲᠠ ᠪᠠᠷ ᠤᠳᠤᠷᠢᠳᠤᠮᠵᠢ ᠪᠣᠯᠭᠠᠵᠤ᠂ ᠡᠭᠦᠳᠦᠨ ᠪᠠᠶᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢ ᠭᠦᠨᠵᠡᠭᠡᠢ᠂ ᠨᠠᠷᠢᠯᠢᠭ ᠪᠥᠭᠡᠳ ᠪᠣᠳᠠᠲᠠᠢ ᠬᠢᠬᠦ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠮᠠᠨ ᠤ ᠬᠤᠰᠢᠭᠤᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠠᠭᠤᠳᠠᠯᠵᠤ᠂ ᠣᠷᠣᠨ ᠪᠦᠰᠡ ᠶᠢᠨ ᠳᠠᠪᠠᠭᠤᠯᠢᠭ ᠢᠶᠠᠨ ᠪᠦᠲᠦᠮᠵᠢᠲᠡᠶ ᠪᠠᠳᠠᠷᠠᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠤᠯᠤᠰ ᠲᠥᠷᠥ᠂ ᠠᠵᠤ ᠠᠬᠤᠢ᠂ ᠨᠡᠶᠢᠭᠡᠮ᠂ ᠰᠣᠶᠣᠯ᠂ ᠠᠮᠢ ᠠᠬᠤᠢ ᠵᠢᠴᠢ ᠨᠠᠮ ᠤᠨ ᠪᠠᠶᠢᠭᠤᠯᠤᠯᠲᠠ ᠵᠡᠷᠭᠡ ᠡᠯ᠎ᠡ ᠲᠠᠯ᠎ᠠ᠂ ᠪᠥᠬᠦ ᠶᠠᠪᠤᠴᠠ ᠳᠤ ᠣᠷᠣᠭᠤᠯᠤᠨ᠎ᠠ︔ ︽ᠵᠢᠱᠢᠶ᠎ᠡ ᠦᠵᠡᠭᠦᠯᠬᠦ ᠶᠢ ᠠᠳᠬᠤᠵᠤ ᠲᠡᠰ ᠳᠡᠪᠰᠢᠭᠦᠯᠬᠦ ᠶᠢ ᠠᠬᠢᠭᠤᠯᠬᠤ᠂ ᠬᠢᠯᠠᠰ ᠴᠡᠭ ᠢ ᠪᠤᠢ ᠪᠣᠯᠭᠠᠵᠤ ᠲᠡᠷᠢᠭᠦᠨ ᠤ ᠬᠢ ᠶᠢ ᠲᠡᠮᠡᠴᠡᠨ ᠣᠯᠬᠤ︾ ᠠᠵᠢᠯ ᠤᠨ ᠰᠡᠳᠬᠢᠴᠡ ᠪᠠᠷ ᠵᠠᠩᠭᠢᠯᠠᠭ᠎ᠠ ᠭᠤᠭᠴᠤᠭ᠎ᠠ ᠶᠢ ᠪᠣᠳᠠᠲᠠᠢ ᠠᠳᠬᠤᠵᠤ᠂ ᠲᠤᠳᠠᠭᠳᠠᠯ ᠢᠶᠠᠨ ᠤᠨᠤᠴᠠᠳᠠᠢ ᠨᠥᠬᠦᠪᠦᠷᠢᠯᠡᠵᠦ᠂ ᠤᠬᠠᠭᠤᠯᠵᠤ ᠬᠥᠲᠥᠯᠥᠨ ᠵᠢᠯᠤᠭᠤᠳᠬᠤ᠂ ᠬᠢᠯᠠᠰ ᠴᠡᠭ ᠢ ᠠᠭᠤᠳᠠᠯᠬᠤ᠂ ᠲᠦᠷᠦᠯ ᠲᠡᠮᠳᠡᠭ ᠢ ᠡᠭᠦᠳᠬᠦ ᠵᠡᠷᠭᠡ ᠠᠵᠢᠯ ᠢ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号