ᠵᠠᠷᠤᠳ ᠬᠤᠰᠢᠭᠤ ᠳᠠᠬᠢᠨᠲᠠ ︽ᠭᠡᠷ ᠪᠠᠶᠢᠰᠢᠩ ᠲᠤᠰᠢᠶᠠᠪᠠᠯ ᠳᠠᠷᠤᠢ ᠦᠨᠡᠮᠯᠡᠯ ᠲᠤᠰᠢᠶᠠᠬᠤ︾ ᠰᠢᠨ᠎ᠡ ᠵᠠᠭᠪᠤᠷ ᠭᠠᠷᠭᠠᠵᠤ᠂ ᠪᠡᠯᠡᠨ ᠭᠡᠷ ᠠᠪᠣᠪᠠᠯ ᠳᠠᠷᠤᠢ ᠦᠨᠡᠮᠯᠡᠯ ᠣᠯᠭᠤᠨ᠎ᠠ
ᠨᠡᠶᠢᠲᠡᠯᠡᠭᠰᠡᠨ ᠴᠠᠭ᠄
2024/4/8
    ᠣᠶᠢᠷ᠎ᠠ ᠳᠤ᠂ ︽ᠲᠦᠩᠯᠢᠶᠣᠣ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠤᠨ ᠪᠡᠯᠡᠨ ᠭᠡᠷ ᠪᠠᠶᠢᠰᠢᠩ ᠤᠨ ᠪᠣᠷᠤᠯᠠᠭᠤᠯᠭ᠎ᠠ ᠶᠢᠨ ᠲᠤᠷᠰᠢᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠣᠰᠣᠭᠠᠷ᠂ ᠵᠠᠷᠤᠳ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠢᠭᠡᠳ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠬᠤᠯᠪᠤᠭᠠᠯᠠᠨ᠂ ᠪᠡᠯᠡᠨ ᠭᠡᠷ ᠪᠠᠶᠢᠰᠢᠩ ᠤᠨ ᠪᠣᠷᠤᠯᠠᠭᠤᠯᠭ᠎ᠠ ᠶᠢᠨ ᠲᠤᠷᠰᠢᠯᠲᠠ ᠶᠢᠨ ᠠᠵᠢᠯ ᠢ ᠢᠳᠡᠪᠬᠢᠲᠡᠢ ᠠᠬᠢᠭᠤᠯᠵᠤ ᠪᠠᠶᠢᠨ᠎ᠠ᠃     ᠵᠠᠷᠤᠳ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠢᠨ ᠭᠠᠵᠠᠷ ᠰᠢᠷᠣᠢ ᠶᠢ ᠰᠢᠯᠵᠢᠭᠦᠯᠦᠨ ᠥᠭᠬᠦ ᠠᠴᠠ ᠡᠮᠦᠨ᠎ᠡ ᠲᠥᠰᠥᠯ ᠲᠠᠢ ᠪᠠᠷ ᠭᠠᠵᠠᠷ ᠬᠠᠩᠭᠠᠬᠤ ᠵᠠᠭᠪᠤᠷ ᠢ ᠠᠪᠴᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠨᠠᠷᠢᠨ ᠲᠥᠯᠦᠪᠵᠢᠭᠦᠯᠭᠡ᠂ ᠭᠠᠵᠠᠷ ᠰᠢᠷᠣᠢ ᠬᠡᠷᠡᠭᠯᠡᠬᠦ ᠪᠠᠷᠢᠮᠵᠢᠶ᠎ᠠ ᠪᠠ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠨᠥᠬᠦᠴᠡᠯ ᠢ ᠦᠨᠳᠦᠰᠦᠯᠡᠵᠦ᠂ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠬᠤ ᠵᠠᠭᠪᠤᠷ ᠢ ᠰᠢᠯᠢᠳᠡᠭᠵᠢᠭᠦᠯᠵᠦ᠂ ᠵᠠᠷᠤᠳ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠲᠣᠭᠲᠠᠮᠠᠯ ᠬᠥᠷᠥᠩᠭᠡ ᠶᠢᠨ ᠳᠠᠩᠰᠠᠯᠠᠯᠲᠠ ᠶᠢᠨ ᠲᠥᠪ ᠤᠨ ᠠᠵᠢᠯᠲᠠᠨ ᠪᠠ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠠᠰᠠᠷ ᠲᠤᠰᠢᠶᠠᠨ ᠥᠭᠬᠦ ᠠᠬᠤᠢ ᠲᠠᠯᠠᠪᠠᠢ ᠳᠤ ᠤᠷᠢᠳᠴᠢᠯᠠᠨ ᠬᠦᠷᠴᠦ ᠵᠣᠯᠭᠠᠭᠤᠯᠬᠤ ᠠᠵᠢᠯ ᠬᠢᠵᠦ᠂ ᠳᠡᠩᠰᠡᠯᠡᠨ ᠲᠡᠮᠳᠡᠭᠯᠡᠬᠦ ᠬᠠᠮᠲᠤᠷᠠᠨ ᠭᠦᠢᠴᠡᠳᠬᠡᠬᠦ ᠴᠣᠩᠬᠤᠪᠴᠢ ᠶᠢ ᠦᠨᠡᠨ ᠬᠦ ᠠᠰᠠᠷ ᠲᠣᠰᠢᠶᠠᠬᠤ ᠠᠬᠤᠢ ᠲᠠᠯᠠᠪᠠᠢ ᠳᠤ ᠰᠢᠯᠵᠢᠭᠦᠯᠵᠦ᠂ ᠪᠡᠯᠡᠨ ᠭᠡᠷ ᠪᠠᠶᠢᠰᠢᠩ ᠤᠨ ᠪᠣᠷᠤᠯᠠᠭᠤᠯᠭ᠎ᠠ ᠶᠢᠨ ︽ᠭᠡᠷ ᠪᠠᠶᠢᠰᠢᠩ ᠢᠶᠠᠨ ᠲᠤᠰᠢᠶᠠᠪᠠᠯ ᠳᠠᠷᠤᠢ ᠦᠨᠡᠮᠯᠡᠯ ᠲᠤᠰᠢᠶᠠᠬᠤ︾ ᠶᠢ ᠪᠡᠶᠡᠯᠡᠭᠦᠯᠵᠦ ᠪᠠᠶᠢᠨ᠎ᠠ᠃     ᠪᠡᠯᠡᠨ ᠭᠡᠷ ᠪᠠᠶᠢᠰᠢᠩ ᠤᠨ ᠪᠣᠷᠤᠯᠠᠭᠤᠯᠭ᠎ᠠ ᠶᠢᠨ ︽ᠭᠡᠷ ᠪᠠᠶᠢᠰᠢᠩ ᠲᠤᠰᠢᠶᠠᠪᠠᠯ ᠳᠠᠷᠤᠢ ᠦᠨᠡᠮᠯᠡᠯ ᠲᠤᠰᠢᠶᠠᠬᠤ︾ ᠲᠤᠷᠰᠢᠯᠲᠠ ᠶᠢᠨ ᠴᠡᠭ ᠤᠨ ᠠᠵᠢᠯ ᠪᠣᠯ ᠵᠠᠷᠤᠳ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠢ ᠭᠦᠨᠵᠡᠭᠡᠢ ᠬᠡᠷᠡᠭᠵᠢᠭᠦᠯᠬᠦ ᠰᠢᠨ᠎ᠡ ᠶᠢ ᠡᠭᠦᠳᠬᠦ ᠴᠢᠬᠤᠯᠠ ᠠᠷᠭ᠎ᠠ ᠬᠡᠮᠵᠢᠶ᠎ᠡ ᠶᠢᠨ ᠨᠢᠭᠡ ᠪᠣᠯᠣᠨ᠎ᠠ᠃ ᠲᠤᠬᠠᠶᠢᠯᠠᠪᠠᠯ ᠥᠩᠭᠡᠷᠡᠭᠰᠡᠨ ᠳᠤ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠳᠦᠷᠢᠮ ᠢ ᠬᠡᠷᠡᠭᠵᠢᠭᠦᠯᠦᠭᠰᠡᠨ ᠠᠴᠠ ᠪᠣᠯᠤᠭᠰᠠᠨ ᠶᠠᠰᠤ ᠴᠢᠨᠠᠷ ᠤᠨ ᠵᠠᠭᠠᠯᠳᠤᠯᠭ᠎ᠠ᠂ ᠭᠡᠷ᠎ᠡ ᠶᠢᠨ ᠵᠢᠭᠤᠷᠠᠯᠳᠤᠭᠠᠨ᠂ ᠭᠡᠷ ᠪᠠᠶᠢᠰᠢᠩ ᠢᠶᠠᠨ ᠬᠤᠶᠢᠰᠢᠯᠠᠭᠤᠯᠤᠨ ᠲᠤᠰᠢᠶᠠᠬᠤ᠂ ᠢᠵᠢ ᠪᠦᠷᠢᠳᠦᠭᠦᠯᠬᠦ ᠲᠥᠬᠦᠭᠡᠷᠦᠮᠵᠢ ᠶᠢ ᠨᠠᠶᠢᠳᠠᠪᠤᠷᠢᠵᠢᠭᠤᠯᠬᠤ ᠦᠭᠡᠢ᠂ ᠲᠣᠭᠲᠠᠭᠠᠯ ᠢ ᠵᠥᠷᠢᠴᠡᠨ ᠪᠣᠷᠣᠯᠠᠭᠤᠯᠬᠤ ᠵᠡᠷᠭᠡ ᠠᠰᠠᠭᠤᠳᠠᠯ ᠠᠴᠠ ᠵᠠᠶᠢᠯᠠᠬᠤ ᠶᠢᠨ ᠬᠠᠮᠲᠤ ᠪᠠᠰᠠ ᠨᠡᠭᠡᠭᠡᠨ ᠠᠰᠢᠭᠯᠠᠬᠤ ᠬᠤᠳᠠᠯᠳᠤᠭᠠᠴᠢᠨ ᠤ ᠵᠣᠭᠤᠰ ᠬᠤᠷᠢᠶᠠᠵᠤ ᠠᠪᠣᠭᠠᠳ ᠳᠤᠲᠠᠭᠠᠬᠤ ᠵᠡᠷᠭᠡ ᠠᠯᠢ ᠤᠯᠠᠨ ᠠᠰᠠᠭᠤᠳᠠᠯ ᠤᠨ ᠡᠭᠦᠰᠬᠦ ᠶᠢ ᠰᠡᠷᠭᠡᠶᠢᠯᠡᠵᠦ ᠪᠣᠯᠣᠨ᠎ᠠ᠃ ᠣᠳᠣᠬᠠᠨ ᠳᠤ ᠨᠢᠭᠡᠨᠲᠡ ᠬᠤᠰᠢᠭᠤᠨ ᠳᠣᠲᠣᠷᠠᠬᠢ ᠬᠤᠩ ᠢᠦᠢ ᠳ᠋ᠦᠩ ᠯᠢᠨ ᠶᠤᠸᠠᠨ ᠬᠤᠶᠠᠳᠤᠭᠠᠷ ᠬᠤᠭᠤᠴᠠᠭᠠᠨ ᠤ ᠬᠤᠳᠠᠯᠳᠤᠭᠠᠨ ᠤ ᠠᠰᠠᠷ᠂ ᠯᠢ ᠵᠢᠩ ᠮᠢᠩ ᠵᠢᠶᠦ᠋ᠨ ᠤ ᠬᠤᠶᠠᠳᠤᠭᠠᠷ ᠬᠤᠭᠤᠴᠠᠭᠠᠨ ᠤ 20 ᠳ᠋ᠤᠭᠠᠷ ᠨᠣᠮᠧᠷᠲᠤ ᠠᠰᠠᠷ ᠲᠤ ᠪᠡᠯᠡᠨ ᠭᠡᠷ ᠤᠨ ᠪᠣᠷᠤᠯᠠᠭᠤᠯᠭ᠎ᠠ ᠶᠢᠨ ︽ᠭᠡᠷ ᠲᠤᠰᠢᠶᠠᠪᠠᠯ ᠳᠠᠷᠤᠢ ᠦᠨᠡᠮᠯᠡᠯ ᠲᠤᠰᠢᠶᠠᠬᠤ︾ ᠭᠠᠷ ᠭᠦᠢᠴᠡᠳᠬᠡᠯ ᠬᠢᠪᠡ᠃     ᠲᠠᠷᠠᠭᠠᠴᠢ ᠶᠢᠨ ᠠᠯᠬᠤᠮ ᠳᠤ ᠵᠠᠷᠤᠳ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠲᠣᠭᠲᠠᠮᠠᠯ ᠬᠥᠷᠥᠩᠭᠡ ᠶᠢᠨ ᠳᠠᠩᠰᠠᠯᠠᠯᠲᠠ ᠶᠢᠨ ᠲᠥᠪ ᠬᠢᠨ ᠲᠣᠰ ᠠᠵᠢᠯ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠣᠯᠠᠨ ᠲᠦᠮᠡᠨ ᠤ ᠭᠡᠷ ᠪᠠᠶᠢᠰᠢᠩ ᠬᠤᠳᠠᠯᠳᠤᠨ ᠠᠪᠬᠤ ᠳᠤ ᠬᠤᠶᠢᠰᠢᠳᠠ ᠶᠢᠨ ᠵᠣᠪᠠᠨᠢᠯ ᠦᠭᠡᠢ ᠪᠣᠯᠭᠠᠵᠤ᠂ ᠣᠯᠠᠨ ᠲᠦᠮᠡᠨ ᠤ ᠠᠰᠢᠭ ᠭᠥᠷᠳᠡᠭᠰᠡᠨ ᠲᠥᠷᠥᠭᠳᠡᠯ ᠪᠠ ᠵᠣᠯ ᠵᠢᠷᠭᠠᠯᠲᠤ ᠰᠡᠳᠭᠢᠯᠭᠡ ᠶᠢ ᠦᠨᠡᠨ ᠬᠦ ᠳᠡᠭᠡᠭᠰᠢᠯᠡᠭᠦᠯᠵᠦ᠂ ᠵᠠᠷᠤᠳ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠲᠣᠭᠲᠠᠮᠠᠯ ᠬᠥᠷᠥᠩᠭᠡ ᠶᠢᠨ ᠳᠠᠩᠰᠠᠯᠠᠯᠲᠠ ᠶᠢᠨ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号