| | | | 3 ᠰᠠᠷ᠎ᠠ ᠶᠢᠨ 21 ᠤ ᠡᠳᠦᠷ᠂ ᠪᠦᠬᠦ ᠤᠯᠤᠰ ᠤᠨ ᠰᠤᠷᠭᠠᠨ ᠬᠥᠮᠦᠵᠢᠯ ᠤᠨ ᠴᠤᠤᠷᠬᠠᠯ ᠢ | ᠨᠢᠴᠤᠭᠠᠬᠤ ᠲᠠᠪᠴᠠᠩ ︵http://jypy.jyb.cn︶ ᠵᠢᠩᠬᠢᠨᠢ ᠪᠠᠷ ᠰᠦᠯᠵᠢᠶᠡᠨ ᠳᠤ ᠭᠠᠷᠪᠠ᠃ ᠲᠠᠪᠴᠠᠩ ᠪᠣᠯ | ᠰᠤᠷᠭᠠᠨ ᠬᠥᠮᠦᠵᠢᠯ ᠤᠨ ᠬᠦᠷᠢᠶᠡᠨ ᠤ ᠴᠤᠤᠷᠬᠠᠯ ᠢ ᠢᠯᠡᠷᠡᠭᠦᠯᠬᠦ᠂ ᠴᠤᠤᠷᠬᠠᠯ ᠢ ᠪᠠᠶᠢᠴᠠᠭᠠᠨ ᠲᠣᠳᠣᠯᠠᠬᠤ᠂ | ᠴᠤᠤᠷᠬᠠᠯ ᠢ ᠲᠣᠳᠣᠷᠬᠠᠶᠢᠯᠠᠬᠤ ᠡᠷᠬᠡ ᠰᠦᠷᠲᠦ ᠠᠷᠭ᠎ᠠ ᠵᠠᠮ ᠮᠥᠨ᠂ ᠪᠦᠬᠦ ᠤᠯᠤᠰ ᠤᠨ ᠰᠦᠯᠵᠢᠶᠡᠨ ᠤ | ᠴᠤᠤᠷᠬᠠᠯ ᠢ ᠨᠢᠴᠤᠭᠠᠬᠤ ᠬᠤᠯᠪᠤᠯᠳᠤᠨ ᠬᠥᠳᠡᠯᠦᠯᠴᠡᠬᠦ ᠲᠣᠭᠲᠠᠴᠠ ᠳᠤ ᠲᠦᠰᠢᠭᠯᠡᠨ᠂ ᠳᠤᠮᠳᠠᠳᠤ ᠤᠯᠤᠰ ᠤᠨ | ᠢᠨᠲ᠋ᠧᠷ ᠰᠦᠯᠵᠢᠶᠡᠨ ᠤ ᠬᠤᠯᠪᠤᠭᠠᠲᠤ ᠴᠤᠤᠷᠬᠠᠯ ᠢ ᠨᠢᠴᠤᠭᠠᠬᠤ ᠲᠠᠪᠴᠠᠩ᠂ ᠲᠥᠪ ᠤᠨ ᠭᠤᠣᠯᠳᠠᠯᠭ᠎ᠠ ᠲᠠᠢ | ᠰᠣᠨᠢᠨ ᠮᠡᠳᠡᠭᠡᠨ ᠤ ᠰᠦᠯᠵᠢᠶ᠎ᠡ ᠪᠠ ᠣᠷᠣᠨ ᠨᠤᠲᠤᠭ ᠤᠨ ᠴᠤᠤᠷᠬᠠᠯ ᠢ ᠨᠢᠴᠤᠭᠠᠬᠤ ᠲᠠᠪᠴᠠᠩ᠂ ᠠᠯᠪᠠᠨ ᠤ | ᠰᠦᠯᠵᠢᠶ᠎ᠡ ᠵᠢᠴᠢ ᠣᠷᠣᠨ ᠨᠤᠲᠤᠭ ᠤᠨ ᠰᠤᠷᠭᠠᠨ ᠬᠥᠮᠦᠵᠢᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ | ᠶᠡᠭᠡ ᠳᠡᠭᠡᠳᠦ ᠰᠤᠷᠭᠠᠭᠤᠯᠢ ᠵᠡᠷᠭᠡ ᠬᠠᠮᠵᠢᠨ ᠬᠥᠳᠡᠯᠦᠯᠴᠡᠵᠦ᠂ ᠰᠤᠷᠭᠠᠨ ᠬᠥᠮᠦᠵᠢᠯ ᠤᠨ ᠬᠦᠷᠢᠶᠡᠨ ᠳᠠᠬᠢ | ᠰᠦᠯᠵᠢᠶᠡᠨ ᠤ ᠴᠤᠤᠷᠬᠠᠯ ᠢ ︽ᠬᠤᠯᠪᠣᠭᠠᠯᠠᠨ ᠬᠥᠳᠡᠯᠦᠯᠴᠡᠵᠦ ᠢᠯᠡᠴᠢᠯᠡᠬᠦ᠂ ᠬᠤᠯᠪᠣᠭᠠᠯᠠᠨ ᠬᠥᠳᠡᠯᠦᠯᠴᠡᠵᠦ | ᠪᠠᠶᠢᠴᠠᠭᠠᠨ ᠲᠣᠳᠤᠯᠠᠬᠤ᠂ ᠬᠤᠯᠪᠣᠭᠠᠯᠠᠨ ᠬᠥᠳᠡᠯᠦᠯᠴᠡᠵᠦ ᠴᠤᠤᠷᠬᠠᠯ ᠢ ᠨᠢᠴᠤᠭᠠᠬᠤ︾ ᠠᠵᠢᠯ ᠤᠨ ᠵᠠᠭᠪᠤᠷ ᠢ | ᠪᠠᠶᠢᠭᠤᠯᠵᠤ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠰᠠᠶᠢᠨ ᠰᠠᠶᠢᠠᠬᠠᠨ ᠰᠦᠯᠵᠢᠶᠡᠨ ᠤ ᠣᠷᠣᠨ ᠵᠠᠢ ᠶᠢ ᠪᠣᠢ | ᠪᠣᠯᠭᠠᠬᠤ ᠳᠤ ᠢᠳᠡᠪᠬᠢᠲᠡᠢ ᠬᠦᠴᠦᠨ ᠨᠡᠮᠡᠷᠢᠯᠡᠨ᠎ᠡ᠃ | ᠪᠦᠬᠦ ᠤᠯᠤᠰ ᠤᠨ ᠰᠤᠷᠭᠠᠨ ᠬᠥᠮᠦᠵᠢᠯ ᠤᠨ ᠴᠤᠤᠷᠬᠠᠯ ᠢ ᠨᠢᠴᠤᠭᠠᠬᠤ ᠲᠠᠪᠴᠠᠩ ︽ᠲᠠᠪᠤᠨ ᠲᠠᠪᠴᠠᠩ | ᠨᠢᠭᠡ ᠰᠠᠮᠪᠠᠷ᠎ᠠ︾ ᠶᠢ ᠪᠠᠶᠢᠭᠤᠯᠵᠤ᠂ ᠢᠯᠡᠴᠢᠯᠡᠬᠦ ᠲᠠᠪᠴᠠᠩ᠂ ᠬᠠᠷᠢᠭᠤ ᠪᠤᠴᠠᠭᠠᠬᠤ ᠲᠠᠪᠴᠠᠩ᠂ ᠰᠠᠨᠠᠭᠤᠯᠬᠤ | ᠳᠠᠪᠴᠠᠩ᠂ ᠰᠤᠷᠤᠯᠴᠠᠬᠤ ᠲᠠᠪᠴᠠᠩ᠂ ᠪᠠᠶᠢᠴᠠᠭᠠᠨ ᠲᠣᠳᠤᠯᠠᠬᠤ ᠲᠠᠪᠴᠠᠩ ᠪᠠ ᠴᠤᠤᠷᠬᠠᠯ ᠢ ᠨᠢᠴᠤᠭᠠᠬᠤ | ᠰᠠᠮᠪᠠᠷ᠎ᠠ ᠶᠢ ᠪᠠᠭᠲᠠᠭᠠᠨ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠴᠤᠤᠷᠬᠠᠯ ᠢ ᠴᠠᠭ ᠲᠤᠬᠠᠢ ᠳᠤ ᠨᠢ | ᠨᠢᠴᠤᠭᠠᠵᠤ᠂ ᠴᠠᠭ ᠲᠤᠬᠠᠢ ᠳᠤ ᠨᠢ ᠢᠯᠡᠴᠢᠯᠡᠨ᠎ᠡ᠃ ᠢᠯᠡᠴᠢᠯᠡᠬᠦ ᠳᠠᠪᠴᠠᠩ ᠰᠤᠷᠭᠠᠨ ᠬᠥᠮᠦᠵᠢᠯ ᠤᠨ | ᠬᠦᠷᠢᠶᠡᠨ ᠳᠠᠬᠢ ᠡᠯ᠎ᠡ ᠲᠥᠷᠥᠯ ᠤᠨ ᠴᠤᠤᠷᠬᠠᠯ ᠢ ᠨᠢᠴᠤᠭᠠᠬᠤ ᠮᠡᠳᠡᠭᠡ ᠵᠠᠩᠭᠢ ᠶᠢ ᠴᠠᠭ ᠲᠤᠬᠠᠢ ᠳᠤ ᠨᠢ | ᠨᠡᠶᠢᠲᠡᠯᠡᠨ᠎ᠡ︔ ᠬᠠᠷᠢᠭᠤ ᠪᠤᠴᠠᠭᠠᠬᠤ ᠲᠠᠪᠴᠠᠩ ᠰᠤᠷᠭᠠᠨ ᠬᠥᠮᠦᠵᠢᠯ ᠤᠨ ᠡᠷᠬᠡ ᠰᠦᠷᠲᠦ ᠰᠠᠯᠠᠭ᠎ᠠ ᠮᠥᠴᠢᠷ ᠤᠨ | ᠬᠠᠯᠠᠮᠰᠢᠯ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠷᠢᠭᠤ ᠪᠤᠴᠠᠭᠠᠬᠤ ᠮᠡᠳᠡᠭᠡ ᠵᠠᠩᠭᠢ ᠳᠤ ᠠᠩᠬᠠᠷᠤᠯ ᠢᠶᠠᠨ | ᠲᠥᠪᠯᠡᠷᠡᠭᠦᠯᠪᠡ︔ ᠰᠠᠨᠠᠭᠤᠯᠬᠤ ᠳᠠᠪᠴᠠᠩ ᠰᠡᠷᠡᠮᠵᠢᠯᠡᠭᠦᠯᠵᠦ ᠰᠠᠨᠠᠭᠤᠯᠬᠤ ᠮᠡᠳᠡᠭᠡ ᠵᠠᠩᠭᠢ ᠶᠢ ᠴᠤᠭᠯᠠᠭᠤᠯᠵᠤ᠂ | ᠣᠯᠠᠨ ᠢ ᠬᠠᠪᠰᠤᠷᠤᠨ ᠴᠤᠤᠷᠬᠠᠯ ᠢ ᠨᠠᠷᠢᠯᠢᠭ ᠣᠨᠣᠴᠠᠲᠠᠢ ᠲᠠᠨᠢᠭᠤᠯᠤᠨ᠎ᠠ︔ ᠰᠤᠷᠤᠯᠴᠠᠬᠤ ᠳᠠᠪᠴᠠᠩ | ᠰᠦᠯᠵᠢᠶᠡᠨ ᠤ ᠴᠤᠤᠷᠬᠠᠯ ᠢ ᠴᠡᠴᠡᠭᠯᠡᠨ ᠵᠠᠰᠠᠬᠤ ᠶᠢ ᠴᠢᠩᠭᠠᠳᠬᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ᠂ ᠰᠣᠨᠢᠨ ᠮᠡᠳᠡᠭᠡᠨ ᠤ ᠬᠠᠨᠳᠤᠰᠢ ᠵᠡᠷᠭᠡ ᠶᠢ ᠰᠢᠩᠭᠡᠭᠡᠨ ᠣᠷᠣᠭᠤᠯᠪᠠ︔ ᠪᠠᠶᠢᠴᠠᠭᠠᠨ ᠲᠣᠳᠣᠯᠠᠬᠤ | ᠳᠠᠪᠴᠠᠩ ︽ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ︾᠂ ︽ᠰᠤᠷᠭᠠᠭᠤᠯᠢ ᠶᠢᠨ ᠬᠦᠷᠢᠶᠡᠨ ᠤ | ᠬᠠᠮᠢᠶᠠᠷᠤᠯᠲᠠ︾᠂ ︽ᠵᠢᠭᠠᠬᠤ ᠮᠠᠲ᠋ᠧᠷᠢᠶᠠᠯ ᠬᠢᠴᠢᠶᠡᠯ︾᠂ ︽ᠰᠢᠯᠭᠠᠯᠲᠠ ᠪᠠᠷ ᠰᠤᠷᠤᠭᠴᠢ ᠡᠯᠰᠡᠬᠦ︾᠂ ︽ | ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ︾ ᠵᠡᠷᠭᠡ ᠵᠠᠩᠭᠢᠯᠠᠭ᠎ᠠ ᠶᠢᠨ ᠦᠭᠡ ᠪᠠᠷ ᠴᠤᠤᠷᠬᠠᠯ ᠢ ᠲᠥᠷᠥᠯ | ᠬᠤᠪᠢᠶᠠᠵᠤ᠂ ᠣᠯᠠᠨ ᠤ ᠪᠠᠶᠢᠴᠠᠭᠠᠨ ᠲᠣᠳᠤᠯᠠᠬᠤ ᠳᠤ ᠳᠥᠭᠦᠮ ᠦᠵᠡᠭᠦᠯᠪᠡ︔ ᠴᠤᠤᠷᠬᠠᠯ ᠢ ᠨᠢᠴᠤᠭᠠᠬᠤ | ᠰᠠᠮᠪᠠᠷ᠎ᠠ ᠳᠤ ᠠᠩᠬᠠᠷᠤᠯ ᠤᠨ ᠬᠡᠮᠵᠢᠶ᠎ᠡ ᠶᠡᠭᠡ ᠰᠤᠷᠭᠠᠨ ᠬᠥᠮᠦᠵᠢᠯ ᠤᠨ ᠴᠤᠤᠷᠬᠠᠯ ᠤᠨ ᠮᠡᠳᠡᠭᠡ ᠵᠠᠩᠭᠢ ᠶᠢ ᠨᠠᠷᠢᠯᠢᠭ | ᠰᠣᠩᠭᠤᠵᠤ ᠭᠡᠷᠡᠯ ᠵᠢᠷᠤᠭ ᠪᠤᠶᠤ ᠣᠬᠤᠷ ᠸᠢᠳᠢᠣ᠋ ᠶᠢᠨ ᠬᠡᠯᠪᠡᠷᠢ ᠪᠠᠷ ᠰᠠᠷ᠎ᠠ ᠪᠣᠯᠭᠠᠨ ᠠᠵᠢᠯᠯᠠᠭ᠎ᠠ ᠥᠷᠨᠢᠭᠦᠯᠪᠡ᠃ | | ᠪᠦᠬᠦ ᠤᠯᠤᠰ ᠤᠨ ᠰᠤᠷᠭᠠᠨ ᠬᠥᠮᠦᠵᠢᠯ ᠤᠨ ᠴᠤᠤᠷᠬᠠᠯ ᠢ ᠨᠢᠴᠤᠭᠠᠬᠤ ᠲᠠᠪᠴᠠᠩ ᠢ ᠳᠤᠮᠳᠠᠳᠤ | ᠤᠯᠤᠰ ᠤᠨ ᠰᠤᠷᠭᠠᠨ ᠬᠥᠮᠦᠵᠢᠯ ᠤᠨ ᠰᠣᠨᠢᠨ ᠮᠡᠳᠡᠭᠡᠨ ᠤ ᠰᠦᠯᠵᠢᠶ᠎ᠡ ᠳᠠᠭᠠᠭᠠᠴᠢᠯᠠᠨ ᠡᠷᠬᠢᠯᠡᠪᠡ᠃ ᠳᠤᠮᠳᠠᠳᠤ | ᠤᠯᠤᠰ ᠤᠨ ᠰᠤᠷᠭᠠᠨ ᠬᠥᠮᠦᠵᠢᠯ ᠤᠨ ᠰᠣᠨᠢᠨ ᠮᠡᠳᠡᠭᠡᠨ ᠤ ᠰᠦᠯᠵᠢᠶ᠎ᠡ ᠲᠤᠰᠬᠠᠢ ᠪᠤᠯᠤᠩ ᠭᠠᠷᠭᠠᠭᠰᠠᠨ ᠠᠴᠠ | ᠭᠠᠳᠠᠨ᠎ᠠ᠂ ᠰᠤᠷᠭᠠᠨ ᠬᠥᠮᠦᠵᠢᠯ ᠤᠨ ᠶᠠᠮᠤᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠸᠢᠴᠠᠲ ᠤᠨ | ᠰᠤᠷᠭᠠᠨ ᠬᠥᠮᠦᠵᠢᠯ᠂ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠬᠡᠷᠡᠭᠯᠡᠭᠴᠢ ᠶᠢᠨ ᠦᠵᠦᠭᠦᠷ ᠵᠢᠴᠢ | ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠰᠣᠨᠢᠨ ᠤ ᠸᠢᠴᠠᠲ᠂ ᠸᠧᠢ ᠪᠥᠸᠧ᠂ ᠬᠡᠷᠡᠭᠯᠡᠭᠴᠢ ᠶᠢᠨ | ᠦᠵᠦᠭᠦᠷ ᠵᠡᠷᠭᠡ ᠴᠦ ᠵᠡᠷᠭᠡ ᠪᠠᠷ ᠲᠤᠰᠬᠠᠢ ᠪᠤᠯᠤᠩ ᠭᠠᠷᠭᠠᠵᠤ᠂ ᠡᠯ᠎ᠡ ᠲᠥᠷᠥᠯ ᠤᠨ ᠴᠤᠤᠷᠬᠠᠯ ᠢ ᠨᠢᠴᠤᠭᠠᠬᠤ | ᠮᠡᠳᠡᠭᠡ ᠵᠠᠩᠭᠢ ᠶᠢ ᠭᠤᠣᠯᠳᠠᠯᠭ᠎ᠠ ᠲᠠᠢ ᠬᠦᠷᠭᠡᠬᠦ ᠪᠣᠯᠤᠨ᠎ᠠ᠃ | ᠵᠡᠭᠦᠨ ᠲᠠᠯ᠎ᠠ ᠶᠢᠨ ᠳᠣᠣᠷ᠎ᠠ ᠥᠨᠴᠥᠭ ᠤᠨ ︽ᠤᠭ ᠵᠣᠬᠢᠶᠠᠯ ᠢ ᠤᠩᠰᠢᠬᠤ︾ ᠶᠢ ᠳᠣᠶ᠋ᠢᠵᠤ᠂ | ᠪᠦᠬᠦ ᠤᠯᠤᠰ ᠤᠨ ᠰᠤᠷᠭᠠᠨ ᠬᠥᠮᠦᠵᠢᠯ ᠤᠨ ᠴᠤᠤᠷᠬᠠᠯ ᠢ ᠨᠢᠴᠤᠭᠠᠬᠤ ᠲᠠᠪᠴᠠᠩ ᠳᠤ ᠣᠷᠣᠨ᠎ᠠ᠂ ᠡᠰᠡᠬᠦᠯ᠎ᠡ ︽ | ᠸᠢᠴᠠᠲ ᠤᠨ ᠰᠤᠷᠭᠠᠨ ᠬᠥᠮᠦᠵᠢᠯ︾ ᠤᠨ ᠸᠢᠴᠠᠲ ᠢ ᠠᠩᠬᠠᠷᠴᠤ᠂ ᠣᠯᠠᠨ ᠨᠡᠶᠢᠲᠡ ᠶᠢᠨ ᠲᠠᠪᠴᠠᠩ ᠤᠨ ᠲᠡᠷᠢᠭᠦᠨ | ᠨᠢᠭᠤᠷ ᠤᠨ ︽ᠦᠢᠯᠡᠴᠢᠯᠡᠭᠡ︾ ᠶᠢ ᠳᠣᠶ᠋ᠢᠵᠤ᠂ ︽ᠴᠤᠤᠷᠬᠠᠯ ᠢ ᠨᠢᠴᠤᠭᠠᠬᠤ ᠲᠠᠪᠴᠠᠩ︾ ᠢ ᠰᠣᠩᠭᠤᠨ | ᠣᠷᠣᠵᠤ ᠪᠣᠯᠤᠨ᠎ᠠ᠃ | | |