ᠱᠤᠤ ᠶᠠᠨ ᠵᠢᠶᠦ᠋ᠨ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/5/11
    5 ᠰᠠᠷ᠎ᠠ ᠶᠢᠨ 9 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ︽ᠵᠢᠷᠭᠤᠭᠠᠨ ᠢᠨᠵᠧᠨᠧᠷᠢᠩ︾᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠰᠢᠭᠤᠨ ᠤ ᠤᠳᠤᠷᠢᠳᠤᠯᠭ᠎ᠠ ᠵᠠᠩ ᠳ᠋ᠠ ᠫᠧᠩ᠂ ᠭᠦᠸᠧ ᠶᠠ ᠹᠧᠩ᠂ ᠳ᠋ᠢᠩ ᡁᠢ ᠭᠠᠩ᠂ ᠼᠦᠢ ᠯᠧᠢ ᠯᠧᠢ᠂ ᠵᠠᠩ ᠯᠢ ᠭᠦᠸᠧ ᠵᠢᠴᠢ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     ᠱᠤᠤ ᠶᠠᠨ ᠵᠢᠶᠦ᠋ᠨ ᠬᠠᠮᠲᠤ ᠶᠠᠪᠣᠭᠰᠠᠳ ᠲᠠᠢ ᠪᠠᠨ ᠤᠷᠢᠳ ᠬᠤᠵᠢᠳ ᠵᠠᠷᠤᠳ ᠬᠤᠰᠢᠭᠤᠨ ᠤ ᠶᠢᠩ ᠽᠢ ᠠᠮᠤ ᠳᠤᠰᠤᠨ ᠤ ᠺᠣᠮᠫᠠᠨᠢ᠂ ᠴᠢᠦ ᠹᠧᠩ ᠲᠠᠷᠢᠶᠠᠯᠠᠩ ᠤᠨ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠴᠠᠪᠠ ᠶᠢᠨ ᠲᠠᠯ᠎ᠠ ᠠᠴᠠ ᠰᠤᠭᠤᠲᠤ ᠬᠦᠷᠬᠦ ᠦᠨᠳᠦᠷ ᠬᠤᠷᠳᠣᠴᠠᠲᠤ ᠵᠠᠰᠠᠮᠠᠯ ᠵᠠᠮ ᠤᠨ ᠲᠦᠷᠦᠯ ᠵᠦᠢᠯ ᠤᠨ ᠠᠬᠤᠢ ᠲᠠᠯᠠᠪᠠᠢ᠂ ᠰᠢᠨ᠎ᠡ ᠪᠠᠷ ᠪᠠᠶᠢᠭᠤᠯᠤᠭᠰᠠᠨ 130 ᠲᠣᠨ ᠠᠭᠤᠷᠰᠢᠯᠳᠤ ᠨᠡᠭᠦᠷᠡᠰᠦ ᠰᠢᠲᠠᠭᠠᠬᠤ ᠭᠦᠸᠧᠯᠦ ᠶᠢᠨ ᠭᠠᠵᠠᠷ ᠰᠣᠩᠭᠤᠬᠤ ᠣᠷᠣᠨ ᠪᠣᠯᠣᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠰᠢᠯᠭᠠᠬᠤ ᠲᠥᠪ ᠵᠡᠷᠭᠡ ᠭᠠᠵᠠᠷ ᠲᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠬᠥᠭᠵᠢᠯᠲᠡ ᠶᠢᠨ ᠲᠥᠯᠦᠪᠵᠢᠭᠦᠯᠭᠡ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠬᠤᠢ ᠲᠠᠯᠠᠪᠠᠢ ᠳᠤ ᠵᠢᠯᠣᠭᠤᠳᠤᠯᠭ᠎ᠠ ᠶᠢᠨ ᠴᠢᠨᠠᠷᠲᠠᠢ ᠰᠠᠨᠠᠯ ᠰᠠᠨᠠᠭᠤᠯᠭ᠎ᠠ ᠳᠣᠷᠠᠳᠪᠠ᠃     ᠱᠣᠣ ᠶᠠᠨ ᠵᠢᠶᠦ᠋ᠨ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠠᠷᠢᠮᠵᠢᠶᠠᠯᠠᠵᠤ᠂ ᠪᠥᠬᠦ ᠬᠤᠰᠢᠭᠤᠨ ᠤ ᠪᠣᠳᠠᠲᠠᠢ ᠲᠠᠢ ᠪᠠᠨ ᠨᠢᠭᠲᠠ ᠤᠶᠠᠯᠳᠤᠭᠤᠯᠤᠨ᠂ ᠲᠣᠭᠲᠠᠴᠠ ᠠᠷᠭ᠎ᠠ ᠶᠢᠨ ᠰᠢᠨ᠎ᠡ ᠶᠢ ᠡᠭᠦᠳᠴᠦ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠣᠳᠠᠲᠠᠢ ᠠᠷᠭ᠎ᠠ ᠬᠡᠮᠵᠢᠶ᠎ᠡ ᠠᠪᠴᠤ᠂ ︽ᠵᠢᠷᠭᠤᠭᠠᠨ ᠢᠨᠵᠧᠨᠧᠷᠢᠩ︾ ᠢ ᠪᠣᠳᠠᠲᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠪᠥᠬᠦ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠠᠸᠠᠷ ᠤᠨ ᠲᠡᠮᠳᠡᠭ ᠤᠨ ᠳᠠᠩᠰᠠᠯᠠᠯᠲᠠ ᠶᠢᠨ ᠪᠠᠶᠢᠳᠠᠯ ᠢ ᠰᠢᠰᠲ᠋ᠧᠮ ᠲᠠᠢ ᠡᠮᠬᠢᠯᠡᠵᠦ᠂ ᠪᠥᠬᠦ ᠲᠠᠯ᠎ᠠ ᠪᠠᠷ ᠡᠵᠡᠮᠰᠢᠵᠦ᠂ ᠭᠠᠵᠠᠷ ᠤᠨ ᠲᠡᠮᠳᠡᠭ ᠤᠨ ᠭᠡᠷᠡᠴᠢᠯᠡᠯ ᠵᠢᠴᠢ ᠲᠠᠸᠠᠷ ᠤᠨ ᠲᠡᠮᠳᠡᠭ ᠤᠨ ᠳᠠᠩᠰᠠᠯᠠᠯᠲᠠ ᠶᠢᠨ ᠠᠵᠢᠯ ᠢ ᠲᠦᠷᠭᠡᠳᠬᠡᠨ ᠠᠬᠢᠭᠤᠯᠵᠤ᠂ ᠴᠢᠨᠠᠷ ᠰᠠᠶᠢᠲᠠᠢ ᠨᠠᠷᠠᠲᠤ ᠲᠥᠷᠥᠯ ᠲᠡᠮᠳᠡᠭᠲᠦ ᠶᠢᠨ ᠦᠨ᠎ᠡ ᠥᠷᠲᠡᠭ ᠢ ᠳᠡᠭᠡᠭᠰᠢᠯᠡᠭᠦᠯᠦᠨ᠂ ᠪᠥᠬᠦ ᠬᠤᠰᠢᠭᠤᠨ ᠤ ᠨᠤᠲᠤᠭ ᠤᠨ ᠰᠠᠶᠢᠨ ᠪᠦᠲᠦᠭᠡᠭᠳᠡᠬᠦᠨ ᠢ ᠦᠨᠡᠨ ᠬᠦ ᠰᠠᠶᠢᠨ ᠦᠨ᠎ᠡ ᠪᠠᠷ ᠬᠤᠳᠠᠯᠳᠣᠬᠤ ᠬᠡᠷᠡᠭᠲᠡᠢ︔ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠷᠤᠯᠠᠭᠤᠯᠭ᠎ᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠨᠠᠪᠲᠠᠷᠡᠭᠦᠯᠵᠦ᠂ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠣᠷᠣᠯᠭ᠎ᠠ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ︔ ᠬᠡᠭᠡᠷ᠎ᠡ ᠶᠢᠨ ᠬᠦᠢᠯᠡᠰᠦ ᠶᠢᠨ ᠠᠵᠤ ᠦᠢᠯᠡᠰ ᠢ ᠦᠷᠭᠦᠯᠵᠢᠯᠡᠨ ᠬᠦᠴᠦᠷᠬᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠳᠠᠰᠤᠷᠠᠯᠳᠠ ᠦᠭᠡᠢ ᠤᠷᠲᠤᠳᠬᠠᠵᠤ᠂ ᠬᠡᠭᠡᠷ᠎ᠡ ᠶᠢᠨ ᠬᠦᠢᠯᠡᠰᠦ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠦᠢᠯᠡᠳᠬᠦᠨ ᠤ ᠨᠡᠮᠡᠯᠲᠡ ᠦᠷᠳᠡᠭ ᠢ ᠣᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠵᠢᠴᠢ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠪᠠ ᠨᠠᠷᠢᠯᠢᠭᠵᠢᠭᠤᠯᠵᠤ᠂ ᠴᠢᠩᠭ᠎ᠠ ᠱᠠᠭᠠᠷᠳᠠᠯᠭ᠎ᠠ᠂ ᠪᠣᠳᠠᠲᠠᠢ ᠱᠠᠭᠠᠷᠳᠠᠯᠭ᠎ᠠ ᠪᠠ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠴᠠᠪᠠ ᠶᠢᠨ ᠲᠠᠯ᠎ᠠ ᠠᠴᠠ ᠰᠣᠭᠤᠲᠤ ᠬᠦᠷᠬᠦ ᠦᠨᠳᠦᠷ ᠬᠤᠷᠳᠣᠴᠠᠲᠤ ᠵᠠᠰᠠᠮᠠᠯ ᠵᠠᠮ ᠤᠨ ᠲᠥᠷᠥᠯ ᠵᠦᠢᠯ ᠤᠨ ᠲᠣᠰ ᠵᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠴᠠᠭ ᠲᠤᠬᠠᠢ  ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠴᠠᠭ ᠢᠮᠠᠭᠲᠠ ᠣᠯᠠᠨ ᠲᠦᠮᠡᠨ ᠢ ᠰᠡᠳᠬᠢᠯ ᠳᠡᠭᠡᠨ ᠪᠤᠳᠤᠵᠤ ᠂ ᠢᠯᠴᠢ ᠬᠠᠩᠭᠠᠬᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠣᠨᠣᠴᠠᠲᠠᠢ ᠲᠣᠬᠢᠷᠠᠭᠤᠯᠵᠤ᠂ ᠢᠯᠴᠢ ᠬᠠᠩᠭᠠᠬᠤ ᠪᠠᠲᠤᠯᠠᠪᠤᠷᠢ ᠶᠢᠨ ᠴᠢᠳᠠᠪᠤᠷᠢ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠦᠢᠯᠡᠴᠢᠯᠡᠭᠡᠨ ᠤ ᠲᠦᠪᠰᠢᠨ ᠪᠣᠯᠣᠨ ᠢᠯᠴᠢ ᠬᠠᠩᠭᠠᠬᠤ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠢᠯᠴᠢ ᠬᠠᠩᠭᠠᠬᠤ ᠳᠣᠯᠠᠭᠠᠨ ᠤ ᠬᠡᠮᠵᠢᠶ᠎ᠡ ᠪᠠᠷ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ ᠭᠡᠪᠡ᠃     ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠮᠥᠨ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠰᠡᠳᠬᠢᠴᠡ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠥᠪᠡᠷᠮᠢᠴᠡ ᠣᠨᠴᠠᠯᠢᠭ ᠲᠠᠢ ᠬᠢᠯᠠᠰ ᠴᠡᠭ ᠢ ᠳᠤᠪᠤᠶᠢᠯᠭᠠᠵᠤ᠂ ᠡᠭᠦᠳᠦᠨ ᠪᠠᠶᠢᠭᠤᠯᠬᠤ ᠠᠵᠢᠯ ᠢᠶᠠᠷ ᠭᠠᠷᠳᠠᠴᠠ ᠪᠣᠯᠭᠠᠵᠤ᠂ ᠭᠦᠨᠵᠡᠭᠡᠶᠢᠷᠡᠭᠰᠡᠨ ᠮᠠᠶ᠋ᠢᠭ ᠤᠨ᠂ ᠬᠠᠷᠢᠯᠴᠠᠨ ᠬᠥᠳᠡᠯᠦᠯᠴᠡᠬᠦ ᠮᠠᠶ᠋ᠢᠭ ᠤᠨ᠂ ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ ᠤ ᠰᠠᠨᠠᠭᠠᠴᠢᠯᠠᠭ᠎ᠠ ᠠᠴᠠ ᠪᠠᠨ ᠡᠭᠦᠳᠦᠨ ᠪᠠᠶᠢᠭᠤᠯᠬᠤ ᠠᠵᠢᠯ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠡᠭᠦᠳᠦᠨ ᠪᠠᠶᠢᠭᠤᠯᠬᠤ ᠠᠵᠢᠯ ᠢ ᠨᠠᠷᠢᠨ ᠪᠣᠳᠠᠲᠠᠢ ᠬᠢᠬᠦ ᠬᠡᠷᠡᠭᠲᠡᠢ᠃ ᠵᠢᠱᠢᠶ᠎ᠡ ᠦᠵᠡᠭᠦᠯᠬᠦ ᠴᠡᠭ ᠤᠨ ᠬᠥᠲᠥᠯᠥᠨ ᠳᠠᠭᠠᠭᠤᠯᠬᠤ᠂ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠭ᠎ᠠ ᠪᠠᠷᠢᠮᠲᠠ ᠪᠠᠷ ᠦᠭᠡ ᠶᠠᠷᠢᠵᠤ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠳᠤᠮᠳᠠ ᠵᠣᠯ ᠵᠢᠷᠭᠠᠯᠲᠤ ᠠᠮᠢᠳᠤᠷᠠᠯ ᠦᠩᠭᠡᠷᠡᠭᠡᠵᠦ ᠬᠠᠮᠲᠤ ᠪᠠᠷ ᠴᠢᠨᠡᠭᠡᠯᠢᠭᠵᠢᠬᠦ ᠵᠠᠮ ᠢᠶᠠᠷ ᠶᠠᠪᠣᠭᠰᠠᠨ ᠥᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠤ ᠠᠵᠢᠯ ᠤᠨ ᠪᠥᠬᠦ ᠲᠠᠯ᠎ᠠ ᠪᠠᠷ ᠬᠦᠭᠵᠢᠭᠰᠡᠨ ᠡᠯᠪᠡᠭ ᠪᠠᠶᠠᠯᠢᠭ ᠦᠷ᠎ᠡ ᠪᠦᠲᠦᠭᠡᠯ  ᠢ ᠪᠥᠬᠦ ᠲᠠᠯ᠎ᠠ ᠪᠠᠷ ᠢᠯᠡᠷᠡᠭᠦᠯᠬᠦ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号