ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳ᠋ᠠᠢ ᠪᠦᠦ ᠯᠢᠨ ᠤᠯᠠᠭᠠᠨᠬᠠᠳᠠ ᠰᠤᠮᠤᠨ ᠳᠤ ᠬᠦᠷᠴᠦ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠣᠳᠣᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/5/11
     5 ᠰᠠᠷ᠎ᠠ ᠶᠢᠨ 8 ᠤ ᠡᠳᠦᠷ᠂ ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳ᠋ᠠᠢ ᠪᠦᠦ ᠯᠢᠨ ᠤᠯᠠᠭᠠᠨᠬᠠᠳᠠ ᠰᠤᠮᠤᠨ ᠳᠤ ᠭᠦᠨᠵᠡᠭᠡᠶᠢᠷᠡᠨ ᠣᠶᠢᠲᠤ ᠭᠠᠵᠠᠷ ᠢ ᠠᠷᠠᠴᠢᠯᠠᠨ ᠬᠠᠮᠠᠭᠠᠯᠠᠬᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠣᠨᠴᠠᠯᠢᠭᠲᠤ ᠠᠵᠤ ᠦᠢᠯᠡᠰ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠵᠡᠷᠭᠡ ᠠᠵᠢᠯ ᠢ ᠪᠠᠶᠢᠴᠠᠭᠠᠨ ᠵᠢᠯᠣᠭᠤᠳᠪᠠ᠂ ᠰᠤᠮᠤᠨ ᠤ ᠨᠠᠮ ᠤᠨ ᠬᠤᠷᠢᠶᠠᠨ ᠤ ᠱᠦᠵᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃     ᠳ᠋ᠢᠩ ᡁᠢ ᠭᠠᠩ᠂ ᠳ᠋ᠠᠢ ᠪᠦᠦ ᠯᠢᠨ ᠬᠠᠮᠲᠤ ᠶᠠᠪᠣᠭᠰᠠᠳ ᠲᠠᠢ ᠪᠠᠨ ᠰᠠᠶᠢᠪᠤᠷ ᠭᠠᠴᠠᠭ᠎ᠠ ᠶᠢᠨ ᠡᠮ ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ ᠲᠤ ᠬᠦᠷᠴᠦ ᠣᠶᠢᠲᠤ ᠭᠠᠵᠠᠷ ᠢ ᠠᠷᠠᠴᠢᠯᠠᠨ ᠬᠠᠮᠠᠭᠠᠯᠠᠬᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠶᠢ ᠰᠡᠷᠭᠦᠭᠡᠬᠦ ᠭᠠᠵᠠᠷ ᠲᠤ ᠣᠨᠴᠠᠯᠢᠭᠲᠤ ᠡᠮ ᠤᠨ ᠮᠠᠲ᠋ᠧᠷᠢᠶᠠᠯ ᠳᠠᠷᠢᠬᠤ ᠠᠵᠤ ᠦᠢᠯᠡᠰ ᠪᠠ ᠬᠠᠮᠲᠤ ᠶᠢᠨ ᠠᠵᠤ ᠠᠬᠤᠢ ᠶᠢᠨ ᠬᠥᠭᠵᠢᠯᠲᠡ ᠵᠡᠷᠭᠡ ᠪᠠᠶᠢᠳᠠᠯ ᠢ ᠠᠬᠤᠢ ᠭᠠᠵᠠᠷ ᠲᠤᠨᠢ ᠣᠶᠢᠯᠠᠭᠠᠭᠰᠠᠨ ᠪᠥᠭᠡᠳ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ ᠠᠬᠤᠢ ᠭᠠᠵᠠᠷ ᠲᠤᠨᠢ ᠬᠠᠷᠢᠭᠤ ᠲᠤᠰᠬᠠᠵᠤ ᠵᠢᠭᠠᠨ ᠵᠢᠯᠣᠭᠤᠳᠪᠠ᠃     ᠳ᠋ᠢᠩ ᡁᠢ ᠭᠠᠩ ᠴᠢᠬᠤᠯᠠᠴᠢᠯᠠᠭᠰᠠᠨ ᠨᠢ᠂ ᠨᠢᠭᠡ ᠳᠤ ︽ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠢᠮᠠᠭᠲᠠ ᠰᠡᠳᠬᠢᠯ ᠳᠡᠭᠡᠨ ᠬᠠᠳᠠᠩᠰᠢᠭᠤᠯᠵᠤ᠂ ᠪᠣᠳᠠᠲᠠᠢ ᠬᠡᠷᠡᠭᠵᠢᠭᠦᠯᠦᠨ᠂ ᠡᠳᠦᠷ ᠲᠤᠲᠤᠮ ᠤᠨ ᠬᠠᠮᠢᠶᠠᠷᠤᠯᠲᠠ ᠬᠠᠮᠠᠭᠠᠯᠠᠯᠲᠠ ᠪᠠ ᠣᠢ ᠶᠢ ᠲᠣᠭᠤᠷᠢᠨ ᠦᠵᠡᠵᠦ ᠬᠠᠮᠠᠭᠠᠯᠠᠬᠤ ᠶᠢ ᠴᠢᠩᠭᠠᠳᠬᠠᠵᠤ᠂ ᠣᠶᠢᠲᠤ ᠭᠠᠵᠠᠷ ᠤᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ ᠪᠠ ᠪᠦᠲᠦᠮᠵᠢᠲᠡᠶ ᠬᠠᠮᠠᠭᠠᠯᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠶᠠᠷ ᠲᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠭᠠᠵᠠᠷ ᠣᠷᠣᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠨᠴᠠᠯᠢᠭᠲᠤ ᠠᠵᠤ ᠦᠢᠯᠡᠰ ᠢ ᠭᠤᠣᠯᠯᠠᠬᠤ ᠠᠵᠤ ᠦᠢᠯᠡᠰ ᠪᠣᠯᠭᠠᠨ ᠠᠳᠬᠤᠬᠤ ᠶᠢ ᠪᠠᠷᠢᠮᠲᠠᠯᠠᠨ᠂ ᠲᠠᠷᠢᠮᠠᠯ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠨᠠᠩ ᠣᠯᠠᠨ ᠴᠢᠨᠠᠷ ᠰᠠᠶᠢᠲᠠᠢ ᠡᠮ ᠤᠨ ᠮᠠᠲ᠋ᠧᠷᠢᠶᠠᠯ ᠤᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠲᠠᠷᠢᠮᠠᠯ ᠤᠨ ᠦᠷ᠎ᠡ ᠠᠰᠢᠭ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ ᠪᠠᠶᠢᠭᠠᠯᠢ ᠶᠢᠨ ᠨᠥᠬᠦᠴᠡᠯ ᠢᠶᠠᠨ ᠭᠦᠢᠴᠡᠳ ᠠᠰᠢᠭᠯᠠᠨ᠂ ᠡᠬᠢ ᠪᠠᠶᠠᠯᠢᠭ ᠪᠠ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠰᠡᠳᠬᠢᠴᠡ ᠪᠠᠨ ᠤᠯᠠᠮ ᠨᠢᠭᠡ ᠠᠯᠬᠤᠮ ᠥᠷᠭᠡᠳᠬᠡᠵᠦ᠂ ᠬᠠᠮᠲᠤ ᠶᠢᠨ ᠠᠵᠤ ᠠᠬᠤᠢ ᠶᠢᠨ ᠨᠡᠩ ᠰᠠᠶᠢᠨ ᠨᠡᠩ ᠲᠦᠷᠭᠡᠨ ᠬᠥᠭᠵᠢᠯᠲᠡ ᠶᠢ ᠲᠠᠶᠢᠴᠢᠯᠠᠨ᠂ ᠬᠠᠮᠲᠤ ᠶᠢᠨ ᠠᠵᠤ ᠠᠬᠤᠢ ᠶᠢᠨ ᠦᠷᠭᠦᠯᠵᠢᠯᠡᠬᠦ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠵᠤ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠪᠡ     ᠳ᠋ᠠᠢ ᠪᠦᠦ ᠯᠢᠨ ᠴᠢᠬᠤᠯᠠᠴᠢᠯᠠᠭᠰᠠᠨ ᠨᠢ᠂ ᠨᠢᠭᠡ ᠳᠤ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠣᠶ ᠰᠢᠭᠤᠢ ᠬᠠᠮᠠᠭᠠᠯᠠᠭᠴᠢ ᠶᠢᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠵᠢᠵᠢᠭᠦᠷᠯᠡᠨ ᠰᠠᠬᠢᠬᠤ ᠶᠢ ᠴᠢᠩᠭᠠᠳᠬᠠᠨ᠂ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠭᠠᠯ ᠤᠨ ᠡᠬᠢ ᠶᠢ ᠬᠠᠮᠢᠶᠠᠷᠤᠨ ᠡᠵᠡᠮᠳᠡᠵᠦ᠂ ᠪᠠᠴᠢᠮ ᠪᠠᠶᠢᠳᠠᠯ ᠢ  ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠂ ᠣᠶ ᠰᠢᠭᠤᠢ ᠶᠢᠨ ᠲᠦᠢᠮᠡᠷ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠶᠠᠷ ᠲᠤ ᠣᠶᠢᠲᠤ ᠭᠠᠵᠠᠷ ᠢ ᠠᠷᠠᠴᠢᠯᠠᠨ ᠬᠠᠮᠠᠭᠠᠯᠠᠬᠤ ᠪᠣᠯ ᠠᠮᠢ ᠠᠬᠤᠢ ᠶᠢᠨ ᠠᠮᠤᠷ ᠲᠦᠪᠰᠢᠨ ᠪᠠ ᠲᠠᠷᠢᠶᠠᠯᠠᠩ ᠤᠨ ᠦᠷᠭᠦᠯᠵᠢᠯᠡᠬᠦ ᠬᠥᠭᠵᠢᠯᠲᠡ ᠶᠢ ᠪᠠᠲᠤᠯᠠᠬᠤ ᠴᠢᠬᠤᠯᠠ ᠰᠠᠭᠤᠷᠢ ᠮᠥᠨ ᠭᠡᠳᠡᠭ ᠢ ᠭᠦᠢᠴᠡᠳ ᠲᠠᠨᠢᠵᠤ᠂ ᠬᠠᠮᠠᠭᠠᠯᠠᠨ ᠬᠠᠮᠢᠶᠠᠷᠬᠤ ᠴᠢᠳᠠᠪᠤᠷᠢ ᠪᠠᠨ ᠳᠡᠭᠡᠭᠰᠢᠯᠡᠭᠦᠯᠦᠨ᠂ ᠣᠶᠢᠲᠤ ᠭᠠᠵᠠᠷ ᠢ ᠬᠠᠮᠠᠭᠠᠯᠠᠬᠤ᠂ ᠤᠢ ᠰᠢᠭᠤᠢ ᠶᠢᠨ ᠭᠠᠯ ᠰᠡᠷᠭᠡᠶᠢᠯᠡᠨ ᠭᠠᠯ ᠤᠨᠲᠠᠷᠠᠭᠠᠬᠤ ᠵᠡᠷᠭᠡ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠤᠢ ᠰᠢᠭᠤᠢ ᠶᠢᠨ ᠡᠬᠢ ᠪᠠᠶᠠᠯᠢᠭ ᠢ ᠪᠦᠲᠦᠮᠵᠢᠲᠡᠶ ᠪᠠᠷ ᠬᠠᠮᠠᠭᠠᠯᠠᠬᠤ᠂ ᠤᠢ ᠰᠢᠭᠤᠢ ᠶᠢᠨ ᠦᠢᠯᠡᠰ ᠢ ᠦᠷᠭᠦᠯᠵᠢᠯᠡᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ ᠭᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号