ᠠᠵᠤ ᠠᠬᠤᠶᠢᠯᠠᠯ ᠣᠯᠠᠨ ᠲᠦᠮᠡᠨ ᠤ ︽ᠣᠶᠢᠷ᠎ᠠ ᠬᠠᠪᠢ ᠳᠠᠭᠠᠨ ᠭᠦᠢᠴᠡᠳᠭᠡᠵᠦ ᠳᠡᠶᠢᠯᠬᠦ︾ ᠳᠤ ᠤᠯᠠᠮ ᠨᠢᠭᠡ | ᠠᠯᠬᠤᠮ ᠲᠥᠬᠦᠮ ᠦᠵᠡᠭᠦᠯᠵᠦ᠂ ︽ᠵᠠᠰᠠᠭ ᠤᠨ ᠶᠠᠪᠤᠳᠠᠯ + ᠮᠥᠩᠭᠦᠨ ᠭᠦᠢᠯᠭᠡᠭᠡ︾ ᠶᠢᠨ ᠬᠠᠮᠳᠤᠷᠠᠨ ᠠᠵᠢᠯᠯᠠᠬᠤ | ᠵᠠᠭᠪᠤᠷ ᠢ ᠭᠦᠨᠵᠡᠭᠡᠢ ᠠᠬᠢᠭᠤᠯᠤᠨ᠂ ᠠᠵᠢᠯ ᠤᠨ ᠦᠷ᠎ᠡ ᠪᠦᠲᠦᠮᠵᠢ ᠪᠠ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 9 ᠤ ᠡᠳᠦᠷ᠂ ᠵᠠᠷᠤᠳ ᠬᠤᠰᠢᠭᠤᠨ ᠤ ︽ᠵᠠᠰᠠᠭ | ᠪᠠᠩᠬᠢ ᠬᠠᠮᠳᠤᠷᠠᠨ ᠠᠵᠢᠯᠯᠠᠬᠤ︾ ᠦᠢᠯᠡᠴᠢᠯᠡᠭᠡᠨ ᠤ ᠴᠡᠭ ᠵᠠᠷᠤᠳ ᠲᠠᠷᠢᠶᠠᠯᠠᠩ ᠬᠤᠳᠠᠯᠳᠤᠭᠠᠨ ᠤ ᠪᠠᠩᠬᠢ ᠳᠤ | ᠵᠢᠩᠬᠢᠨᠢ ᠪᠠᠷ ᠪᠠᠶᠢᠭᠤᠯᠤᠭᠳᠠᠪᠠ᠃ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ᠂ ᠵᠠᠷᠤᠳ ᠲᠠᠷᠢᠶᠠᠯᠠᠩ ᠬᠤᠳᠠᠯᠳᠤᠭᠠᠨ ᠤ ᠪᠠᠩᠬᠢ᠂ ᠬᠤᠰᠢᠭᠤᠨ ᠤ ᠡᠮ | ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ | ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠫᠠᠶᠢᠰᠠ ᠡᠯᠭᠦᠬᠦ ᠶᠣᠰᠣᠯᠠᠯ ᠳᠤ ᠣᠷᠣᠯᠴᠠᠪᠠ᠃ | | | | | ᠵᠠᠷᠤᠳ ᠬᠤᠰᠢᠭᠤᠨ ᠤ ︽ᠵᠠᠰᠠᠭ ᠪᠠᠩᠬᠢ ᠬᠠᠮᠳᠤᠷᠠᠨ ᠠᠵᠢᠯᠯᠠᠬᠤ︾ ᠦᠢᠯᠡᠴᠢᠯᠡᠭᠡᠨ ᠤ ᠴᠡᠭ ᠪᠣᠯ ᠡᠯ᠎ᠡ ᠰᠤᠮᠤ | ᠪᠠᠯᠭᠠᠰᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠤᠨ ᠠᠷᠠᠳ ᠤᠨ ᠠᠮᠢᠳᠤᠷᠠᠯ ᠤᠨ | ᠦᠢᠯᠡᠴᠢᠯᠡᠭᠡᠨ ᠤ ᠤᠴᠢᠷ ᠶᠠᠪᠤᠳᠠᠯ ᠢ ᠭᠦᠢᠴᠡᠳᠬᠡᠬᠦ ᠪᠠᠷ ᠭᠤᠣᠯ ᠪᠣᠯᠭᠠᠭᠰᠠᠨ ᠰᠠᠭᠤᠷᠢᠨ ᠳᠡᠭᠡᠷ᠎ᠡ᠂ ᠵᠠᠷᠤᠳ | ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠮᠥᠩᠭᠦᠨ ᠭᠦᠢᠯᠭᠡᠭᠡᠨ ᠤ ᠴᠡᠭ ᠢ ᠨᠡᠶᠢᠭᠡᠮ ᠤᠨ ᠳᠠᠭᠠᠳᠬᠠᠯ᠂ ᠡᠮ | ᠡᠮᠨᠡᠯᠭᠡ ᠶᠢᠨ ᠳᠠᠭᠠᠳᠬᠠᠯ᠂ ᠥᠯᠥ ᠬᠥᠳᠡᠯᠬᠦ ᠬᠥᠷᠥᠩᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ | ᠰᠠᠯᠠᠭ᠎ᠠ ᠮᠥᠴᠢᠷ ᠤᠨ ᠪᠠᠩᠬᠢ ᠶᠢᠨ ᠴᠡᠭ ᠲᠤ ᠲᠦᠰᠢᠭᠯᠡᠨ ᠶᠠᠪᠤᠳᠠᠯ ᠭᠦᠢᠴᠡᠳᠬᠡᠬᠦ ᠪᠠᠷ ᠭᠤᠣᠯ ᠪᠣᠯᠭᠠᠭᠰᠠᠨ ︽ | ᠵᠠᠰᠠᠭ ᠪᠠᠩᠬᠢ ᠬᠠᠮᠳᠤᠷᠠᠨ ᠠᠵᠢᠯᠯᠠᠬᠤ ︾ ᠦᠢᠯᠡᠴᠢᠯᠡᠭᠡᠨ ᠤ ᠴᠡᠭ ᠪᠣᠯᠭᠠᠨ ᠪᠠᠶᠢᠭᠤᠯᠵᠤ᠂ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ | ᠨᠦᠭᠦᠴᠡᠯ ᠢ ᠰᠢᠯᠢᠳᠡᠭᠵᠢᠭᠦᠯᠬᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠬᠢᠭᠡᠳ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢᠨ ᠭᠦᠨᠵᠡᠭᠡᠢ ᠠᠭᠤᠰᠤᠯᠴᠠᠯ ᠢ ᠲᠦᠷᠭᠡᠳᠬᠡᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ | ᠨᠡᠶᠢᠭᠡᠮ ᠤᠨ ᠳᠠᠭᠠᠳᠬᠠᠯ᠂ ᠠᠵᠢᠯ ᠣᠯᠵᠤ ᠦᠢᠯᠡᠰ ᠴᠣᠭᠴᠠᠯᠠᠬᠤ᠂ ᠡᠮ ᠡᠮᠨᠡᠯᠭᠡ ᠶᠢᠨ ᠪᠠᠲᠤᠯᠠᠭ᠎ᠠ᠂ | ᠬᠤᠳᠠᠯᠳᠤᠭᠠᠨ ᠤ ᠶᠠᠪᠤᠳᠠᠯ ᠤᠨ ᠳᠠᠩᠰᠠᠯᠠᠯᠲᠠ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠵᠡᠷᠭᠡ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠷᠭ᠎ᠠ ᠵᠠᠮ ᠢ ᠦᠷᠭᠡᠳᠭᠡᠵᠦ᠂ ︽ᠣᠯᠠᠨ ᠲᠦᠮᠡᠨ ᠳᠤ ᠲᠥᠬᠦᠮ ᠦᠵᠡᠭᠦᠯᠬᠦ᠂ | ᠴᠣᠩᠬᠤᠪᠴᠢ ᠪᠠᠷ ᠳᠠᠷᠤᠯᠲᠠ ᠶᠢ ᠪᠠᠭᠠᠰᠬᠠᠬᠤ᠂ ᠪᠠᠩᠬᠢ ᠨᠠᠷᠠᠲᠤ ᠲᠡᠮᠳᠡᠭᠲᠦ ᠶᠢ ᠪᠣᠶ ᠪᠣᠯᠭᠠᠬᠤ᠂ ᠵᠠᠰᠠᠭ ᠤᠨ | ᠣᠷᠳᠣᠨ ᠦᠢᠯᠡᠴᠢᠯᠡᠭᠡ ᠶᠢ ᠰᠢᠯᠢᠳᠡᠭᠵᠢᠭᠦᠯᠬᠦ︾ ᠳᠥᠷᠪᠡᠨ ᠲᠠᠯ᠎ᠠ ᠪᠠᠷ ᠢᠶᠠᠨ ᠬᠠᠮᠲᠤ ᠪᠠᠷ ᠠᠰᠢᠭ ᠭᠥᠷᠳᠡᠬᠦ ᠶᠢ | ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠤᠷᠲᠤᠳᠬᠠᠬᠤ ᠶᠢ ᠠᠬᠢᠭᠤᠯᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠣᠶᠢᠷ᠎ᠠ ᠬᠠᠪᠢ ᠳᠠᠭᠠᠨ ᠬᠦᠢᠴᠡᠳᠭᠡᠵᠦ᠂ ᠭᠡᠷ ᠤᠨ ᠡᠭᠦᠳᠡᠨ ᠳᠡᠭᠡᠨ ᠬᠦᠢᠴᠡᠳᠭᠡᠵᠦ᠂ | ᠣᠯᠠᠨ ᠴᠡᠭ ᠢᠶᠠᠷ ᠬᠦᠢᠴᠡᠳᠭᠡᠵᠦ ᠪᠣᠯᠬᠤ ᠶᠢ ᠪᠡᠶᠡᠯᠡᠭᠦᠯᠵᠦ᠂ ᠬᠠᠷᠢᠶ᠎ᠠ ᠣᠷᠣᠨ ᠤ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | | | | | ᠫᠠᠶᠢᠰᠠ ᠡᠯᠬᠦᠬᠦ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ ᠪᠠᠰᠠ ᠵᠠᠷᠤᠳ | ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠨᠠᠮ ᠤᠨ ᠪᠠᠶᠢᠭᠤᠯᠤᠯᠲᠠ ᠶᠢᠨ ᠦᠢᠯᠡᠴᠢᠯᠡᠭᠡᠨ ᠤ ᠦᠵᠡᠭᠦᠯᠦᠯᠭᠡ ᠶᠢᠨ | ᠲᠢᠩᠬᠢᠮ ᠢ ᠲᠣᠭᠤᠷᠢᠨ ᠦᠵᠡᠪᠡ᠃ | | | |