5 ᠰᠠᠷ᠎ᠠ ᠶᠢᠨ 12 ᠤᠨ ᠡᠳᠦᠷ᠂ ᠵᠠᠷᠤᠳ ᠬᠤᠰᠢᠭᠤᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ | ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠥᠩ ᠬᠤᠸᠠ ᠠᠭᠤᠳᠠᠮ ᠲᠠᠯᠠᠪᠠᠶ ᠳᠤ ᠶᠠᠪᠤᠭᠳᠠᠪᠠ᠃ ᠬᠤᠰᠢᠭᠤᠨ ᠤ | ᠭᠠᠯ ᠤᠨᠲᠠᠷᠠᠭᠠᠬᠤ ᠶᠡᠭᠡ ᠠᠩᠭᠢ᠂ ᠭᠠᠮᠰᠢᠭ ᠢ ᠪᠠᠭᠠᠰᠬᠠᠬᠤ ᠵᠥᠪᠯᠡᠯ ᠤᠨ ᠪᠦᠷᠢᠯᠳᠦᠭᠦᠨ ᠨᠢᠭᠡᠴᠡ ᠪᠠ ᠣᠯᠠᠨ | ᠲᠦᠮᠡᠨ ᠨᠡᠶᠢᠲᠡ 300 ᠭᠠᠷᠤᠢ ᠬᠥᠮᠥᠨ ᠠᠵᠢᠯᠯᠠᠭ᠎ᠠ ᠳᠤ ᠤᠷᠤᠯᠴᠠᠪᠠ᠃ ᠠᠵᠢᠯᠯᠠᠭ᠎ᠠ ᠶᠢᠨ ᠠᠬᠤᠢ ᠲᠠᠯᠠᠪᠠᠶ ᠳᠤ᠂ | ᠤᠬᠠᠭᠤᠯᠬᠤ ᠯᠠᠪᠯᠠᠬᠤ ᠦᠵᠡᠭᠦᠯᠦᠯᠭᠡ ᠶᠢᠨ ᠪᠠᠶᠢᠷᠢ ᠭᠠᠷᠭᠠᠵᠤ᠂ ᠠᠬᠤᠢ ᠲᠠᠯᠠᠪᠠᠶ ᠳᠤ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠣᠯᠠᠨ ᠲᠦᠮᠡᠨ ᠤ ᠠᠮᠢᠳᠤᠷᠠᠯ ᠤᠨ ᠳᠤᠮᠳᠠ | ᠲᠣᠬᠢᠶᠠᠯᠳᠤᠭᠰᠠᠨ ᠡᠯ᠎ᠡ ᠲᠥᠷᠥᠯ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠰᠠᠭᠤᠳᠠᠯ ᠢ | ᠬᠦᠯᠢᠴᠡᠩᠭᠦᠢ ᠪᠠᠷ ᠬᠠᠷᠢᠭᠤᠯᠬᠤ ᠶᠢᠨ ᠬᠠᠮᠲᠤ᠂ ᠡᠯ᠎ᠡ ᠲᠥᠷᠥᠯ ᠤᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ | ᠬᠡᠷᠡᠭᠯᠡᠭᠡᠨ ᠤ ᠪᠠᠶᠢᠳᠠᠯ ᠢ ᠬᠦᠯᠢᠴᠡᠩᠭᠦᠢ ᠪᠠᠷ ᠲᠠᠶᠢᠯᠪᠤᠷᠢᠯᠠᠨ᠂ ᠣᠯᠠᠨ ᠲᠦᠮᠡᠨ ᠢ ᠤᠷᠢᠵᠤ ᠭᠠᠯ ᠤᠨᠲᠠᠷᠠᠭᠠᠭᠤᠷ ᠤᠨ | ᠬᠡᠷᠡᠭᠯᠡᠬᠦ ᠠᠷᠭ᠎ᠠ ᠶᠢ ᠪᠡᠶᠡᠴᠢᠯᠡᠨ ᠤᠶᠢᠯᠠᠭᠠᠭᠤᠯᠪᠠ᠃ | | | |