| | 5 ᠰᠠᠷ᠎ᠠ ᠶᠢᠨ 12 ᠤᠨ ᠡᠳᠦᠷ᠂ ᠵᠠᠷᠤᠳ ᠬᠤᠰᠢᠭᠤ ᠬᠢᠭᠡᠳ ᠳᠤᠮᠳᠠᠳᠤ ᠤᠯᠤᠰ ᠤᠨ ᠠᠭᠤᠷᠬᠠᠢ ᠶᠢᠨ | ᠦᠢᠯᠡᠰ ᠤᠨ ᠶᠡᠭᠡ ᠰᠤᠷᠭᠠᠭᠤᠯᠢ ᠶᠢᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ | ᠵᠣᠯᠭᠠᠭᠤᠯᠬᠤ ᠬᠤᠷᠠᠯ ᠵᠢᠴᠢ ᠰᠢᠨᠵᠢᠯᠡᠭᠡ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠲᠥᠷᠥᠯ ᠵᠦᠢᠯ ᠤᠨ ᠭᠡᠷ᠎ᠡ | ᠲᠣᠭᠲᠠᠬᠤ ᠶᠣᠰᠣᠯᠠᠯ ᠶᠠᠪᠤᠭᠳᠠᠪᠠ᠃ ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ᠶᠢᠨ | ᠰᠢᠨᠵᠢᠯᠡᠭᠡ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠷᠠᠨ ᠶᠢᠨ ᠼᠠᠢ᠂ ᠬᠢᠮᠢ ᠶᠢᠨ ᠠᠵᠤ | ᠦᠢᠯᠡᠳᠪᠦᠷᠢ ᠶᠢᠨ ᠳᠡᠭᠡᠳᠦ ᠰᠤᠷᠭᠠᠭᠤᠯᠢ ᠶᠢᠨ ᠵᠠᠬᠢᠷᠤᠯ ᠵᠠᠩ ᠬᠠᠢ ᠵᠢᠶᠦ᠋ᠨ᠂ ᠰᠢᠨᠵᠢᠯᠡᠭᠡ ᠮᠡᠷᠭᠡᠵᠢᠯ ᠤᠨ | ᠰᠤᠳᠤᠯᠭᠠᠨ ᠤ ᠬᠦᠷᠢᠶᠡᠯᠡᠩ ᠤᠨ ᠳᠡᠳ᠋ ᠵᠠᠬᠢᠷᠤᠯ ᠬᠣ᠋ ᠬᠠᠢ ᠱᠠᠨ᠂ ᠲᠦᠩᠯᠢᠶᠣᠣ ᠬᠤᠲᠠ ᠶᠢᠨ ᠰᠢᠨᠵᠢᠯᠡᠭᠡ | ᠮᠡᠷᠭᠡᠵᠢᠯ ᠤᠨ ᠲᠣᠪᠴᠢᠶ᠎ᠠ ᠶᠢᠨ ᠳᠠᠷᠤᠭ᠎ᠠ ᠪᠠᠢ ᠰᠡᠴᠡᠨ᠂ ᠬᠤᠰᠢᠭᠤᠨ ᠤ ᠤᠳᠤᠷᠢᠳᠤᠯᠭ᠎ᠠ ᠪᠦᠦ ᠸᠧᠨ ᠯᠠᠨ᠂ ᠢᠦᠢ | ᠬᠠᠢ ᠪᠦᠦ᠂ ᠫᠠᠨ ᠫᠧᠩ ᠹᠧᠢ᠂ ᠪᠥᠸᠧ ᠱᠢ ᠶᠤᠸᠠᠨ ᠣᠷᠣᠯᠴᠠᠪᠠ᠃ | ᠵᠣᠯᠭᠠᠭᠤᠯᠬᠤ ᠬᠤᠷᠠᠯ ᠳᠡᠭᠡᠷ᠎ᠡ᠂ ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ᠶᠢᠨ | ᠰᠢᠨᠵᠢᠯᠡᠭᠡ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠷᠠᠨ ᠶᠢᠨ ᠼᠠᠢ ᠠᠴᠠ ᠳᠤᠮᠳᠠᠳᠤ ᠤᠯᠤᠰ ᠤᠨ | ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ᠶᠢᠨ ᠦᠨᠳᠦᠰᠦᠨ ᠪᠠᠶᠢᠳᠠᠯ ᠪᠣᠯᠣᠨ ᠰᠢᠨᠵᠢᠯᠡᠭᠡ ᠮᠡᠷᠭᠡᠵᠢᠯ ᠤᠨ | ᠰᠢᠨ᠎ᠡ ᠶᠢ ᠡᠭᠦᠳᠬᠦ ᠠᠵᠢᠯ ᠤᠨ ᠪᠠᠶᠢᠳᠠᠯ ᠢ ᠲᠠᠨᠢᠯᠴᠠᠭᠤᠯᠪᠠ︔ ᠰᠢᠨᠵᠢᠯᠡᠬᠦ ᠤᠬᠠᠭᠠᠨ ᠬᠢᠮᠢ ᠶᠢᠨ ᠠᠵᠤ | ᠦᠢᠯᠡᠳᠪᠦᠷᠢ ᠶᠢᠨ ᠳᠡᠭᠡᠳᠦ ᠰᠤᠷᠭᠠᠭᠤᠯᠢ ᠶᠢᠨ ᠵᠠᠬᠢᠷᠤᠯ ᠵᠠᠩ ᠬᠠᠢ ᠵᠢᠶᠦ᠋ᠨ ᠠᠴᠠ ᠰᠢᠨᠵᠢᠯᠡᠭᠡᠨ ᠤ ᠰᠠᠯᠠᠭᠠᠨ ᠤ | ᠳᠠᠪᠠᠭᠤᠯᠢᠭ᠂ ᠰᠢᠨᠵᠢᠯᠡᠭᠡ ᠮᠡᠷᠭᠡᠵᠢᠯ ᠤᠨ ᠰᠤᠳᠤᠯᠭᠠᠨ ᠤ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ | ᠲᠠᠯᠪᠢᠪᠠ︔ ᠬᠤᠲᠠ ᠶᠢᠨ ᠰᠢᠨᠵᠢᠯᠡᠭᠡ ᠮᠡᠷᠭᠡᠵᠢᠯ ᠤᠨ ᠲᠣᠪᠴᠢᠶ᠎ᠠ ᠶᠢᠨ ᠳᠠᠷᠤᠭ᠎ᠠ ᠪᠠᠢ ᠰᠡᠴᠡᠨ ᠠᠴᠠ ᠬᠤᠲᠠ᠂ | ᠬᠤᠰᠢᠭᠤ ᠬᠤᠶᠠᠷ ᠱᠠᠲᠤᠨ ᠤ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠲᠣᠭᠤᠷᠢᠨ ᠳᠤ | ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ︔ ᠳᠡᠳ᠋ ᠬᠤᠰᠢᠭᠤᠨ ᠳᠠᠷᠤᠭ᠎ᠠ ᠢᠦᠢ ᠬᠠᠢ ᠪᠦᠦ ᠠᠴᠠ ᠵᠠᠷᠤᠳ | ᠬᠤᠰᠢᠭᠤᠨ ᠤ ᠦᠨᠳᠦᠰᠦᠨ ᠪᠠᠶᠢᠳᠠᠯ ᠪᠠ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ︔ | ᠬᠤᠷᠠᠯ ᠳᠤ ᠣᠷᠣᠯᠴᠠᠭᠰᠠᠨ ᠪᠤᠰᠤᠳ ᠬᠥᠮᠥᠰ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃ | ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠭᠡ | ᠰᠤᠷᠭᠠᠭᠤᠯᠢ ᠶᠢᠨ ᠲᠥᠯᠥᠭᠡᠯᠡᠭᠴᠢ ᠠᠴᠠ ᠭᠦᠸᠧ ᠺᠧ ᠰᠢᠨ ᠳ᠋ᠡ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ᠫᠠᠢ ᠺᠧ ᠯᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠲᠤᠰ ᠪᠦᠷᠢ ᠰᠢᠨᠵᠢᠯᠡᠭᠡ ᠮᠡᠷᠭᠡᠵᠢᠯ ᠤᠨ ︽ᠪᠦᠰᠡᠯᠡᠯᠲᠡ | ᠰᠢᠪᠲᠤᠯᠬᠤ︾ ᠲᠦᠷᠦᠯ ᠵᠦᠢᠯ ᠤᠨ ᠬᠡᠯᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠣᠪᠠ᠃ | ᠪᠦᠦ ᠸᠧᠨ ᠯᠠᠨ ᠵᠢᠭᠠᠪᠣᠷᠢᠯᠠᠭᠰᠠᠨ ᠨᠢ᠂ ᠥᠨᠥᠳᠥᠷ ᠤᠨ ᠭᠠᠷ ᠤᠨ ᠦᠰᠦᠭ ᠵᠢᠷᠤᠬᠤ ᠶᠣᠰᠣᠯᠠᠯ ᠪᠣᠯ | ᠰᠤᠷᠭᠠᠭᠤᠯᠢ ᠪᠣᠯᠣᠨ ᠠᠵᠤ ᠠᠬᠤᠶᠢᠯᠠᠯ ᠤᠨ ᠨᠥᠬᠦᠷᠰᠡᠭ ᠬᠠᠮᠲᠤᠷᠠᠯᠴᠠᠭ᠎ᠠ ᠶᠢᠨ ᠡᠬᠢᠯᠡᠯᠲᠡ ᠮᠥᠨ᠂ ᠵᠠᠷᠤᠳ | ᠬᠤᠰᠢᠭᠤᠨ ᠤ ᠬᠢᠨ ︽ᠦᠨᠡᠨ ᠰᠡᠳᠬᠢᠯ ᠠᠴᠠ ᠪᠠᠨ ᠰᠤᠷᠭᠠᠭᠤᠯᠢ ᠪᠠ ᠠᠵᠤ ᠠᠬᠤᠶᠢᠯᠠᠯ ᠳᠤ ᠦᠢᠯᠡᠴᠢᠯᠡᠬᠦ︾ | ᠵᠣᠷᠢᠯᠲᠠ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠪᠳᠣᠯᠣᠯᠲᠠ᠂ ᠦᠷ᠎ᠡ ᠪᠦᠲᠦᠭᠡᠯ ᠢ | ᠬᠤᠪᠢᠷᠠᠭᠤᠯᠬᠤ᠂ ᠮᠡᠷᠭᠡᠵᠢᠯ ᠢ ᠲᠥᠪᠯᠡᠷᠡᠭᠦᠯᠦᠨ ᠵᠢᠱᠢᠶ᠎ᠡ ᠦᠵᠡᠭᠦᠯᠬᠦ ᠪᠠ ᠴᠢᠳᠠᠪᠤᠷᠢᠲᠠᠨ ᠢ ᠬᠥᠮᠥᠵᠢᠭᠦᠯᠦᠨ | ᠪᠣᠯᠪᠠᠰᠤᠷᠠᠭᠤᠯᠬᠤ ᠶᠢ ᠨᠢᠭᠡ ᠴᠣᠭᠴᠠᠵᠢᠭᠤᠯᠤᠭᠰᠠᠨ ︽ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠯᠴᠠᠬᠤ᠂ ᠠᠵᠤ | ᠦᠢᠯᠡᠰ ᠪᠠ ᠰᠤᠷᠭᠠᠨ ᠬᠥᠮᠦᠵᠢᠯ ᠠᠭᠤᠰᠤᠯᠴᠠᠬᠤ︾ ᠦᠢᠯᠡᠴᠢᠯᠡᠭᠡᠨ ᠤ ᠲᠠᠪᠴᠠᠩ ᠢ ᠢᠳᠡᠪᠬᠢᠲᠡᠢ ᠪᠣᠶ ᠪᠣᠯᠭᠠᠵᠤ᠂ | ᠠᠵᠤ ᠦᠢᠯᠡᠰ ᠪᠠ ᠰᠤᠷᠭᠠᠨ ᠬᠥᠮᠦᠵᠢᠯ ᠠᠭᠤᠰᠤᠯᠴᠠᠬᠤ ᠶᠢ ᠭᠦᠨᠵᠡᠭᠡᠶᠢᠷᠡᠭᠦᠯᠬᠦ᠂ ᠰᠤᠷᠭᠠᠭᠤᠯᠢ ᠪᠠ ᠠᠵᠤ | ᠠᠬᠤᠶᠢᠯᠠᠯ ᠤᠨ ᠭᠦᠨᠵᠡᠭᠡᠢ ᠬᠠᠮᠲᠤᠷᠠᠯᠴᠠᠭ᠎ᠠ ᠶᠢ ᠠᠬᠢᠭᠤᠯᠬᠤ ᠳᠤ ᠰᠢᠯᠢᠳᠡᠭ ᠦᠢᠯᠡᠴᠢᠯᠡᠭᠡ ᠬᠠᠩᠭᠠᠵᠤ᠂ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠢᠳᠡᠪᠬᠢᠲᠡᠢ ᠪᠣᠶᠢᠵᠢᠭᠤᠯᠤᠨ᠎ᠠ᠃ ᠡᠭᠦᠨ ᠤ ᠬᠠᠮᠲᠤ᠂ ᠳᠤᠮᠳᠠᠳᠤ | ᠤᠯᠤᠰ ᠤᠨ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ᠶᠢᠨ ᠵᠠᠷᠤᠳ ᠬᠤᠰᠢᠭᠤᠨ ᠳᠤ ᠢᠷᠡᠵᠦ ᠠᠵᠤ | ᠦᠢᠯᠡᠰ ᠳᠡᠭᠡᠲᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ ᠪᠠᠶᠢᠭᠤᠯᠬᠤ ᠶᠢ ᠴᠢᠩ | ᠰᠡᠳᠭᠢᠯ ᠠᠴᠠ ᠪᠠᠨ ᠣᠷᠢᠵᠤ᠂ ᠵᠠᠷᠤᠳ ᠬᠤᠰᠢᠭᠤᠨ ᠳᠤ ᠰᠢᠨᠵᠢᠯᠡᠭᠡ ᠮᠡᠷᠭᠡᠵᠢᠯ ᠪᠠ ᠴᠢᠳᠠᠪᠤᠷᠢᠲᠠᠨ ᠤ | ᠲᠤᠯᠭᠠᠭᠤᠷᠢᠯᠠᠯ ᠬᠠᠩᠭᠠᠨ᠂ ᠪᠥᠬᠦ ᠬᠤᠰᠢᠭᠤᠨ ᠤ ᠠᠵᠤ ᠦᠢᠯᠡᠰ ᠤᠨ ᠬᠡᠯᠬᠢᠶ᠎ᠡ ᠪᠠ ᠰᠢᠨ᠎ᠡ ᠶᠢ ᠡᠭᠦᠳᠬᠦ | ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠳᠤ ᠬᠦᠴᠦ ᠨᠡᠮᠡᠷᠢᠯᠡᠨ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠨ᠎ᠠ ᠭᠡᠪᠡ᠃ | ᠭᠠᠷ ᠤᠨ ᠦᠰᠦᠭ ᠵᠢᠷᠤᠬᠤ ᠶᠣᠰᠣᠯᠠᠯ ᠤᠨ ᠳᠠᠷᠠᠭ᠎ᠠ᠂ ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ | ᠶᠡᠭᠡ ᠰᠤᠷᠭᠠᠭᠤᠯᠢ ᠶᠢᠨ ᠰᠢᠨᠵᠢᠯᠡᠭᠡ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠷᠠᠨ ᠶᠢᠨ ᠼᠠᠢ ᠨᠠᠷ | ᠳᠤᠮᠳᠠᠳᠤ ᠤᠯᠤᠰ ᠤᠨ ᠬᠢᠮᠢ ︵ᠥᠪᠥᠷ ᠮᠣᠩᠭᠤᠯ︶ ᠶᠢᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ | ᠬᠦᠷᠴᠦ ᠲᠣᠭᠤᠷᠢᠨ ᠦᠵᠡᠵᠦ ᠰᠢᠨᠵᠢᠯᠡᠨ ᠪᠠᠶᠢᠴᠠᠭᠠᠪᠠ᠃ | | | | | |