| ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠰᠣᠩᠭᠤᠳᠠᠭ ᠵᠣᠬᠢᠶᠠᠯ ᠢ ᠤᠶᠠᠩᠭᠠᠯᠠᠨ ᠤᠩᠰᠢᠬᠤ | ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠨ᠂ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠳᠤᠮᠳᠠᠳᠤ ᠶᠢᠨ ᠰᠢᠯᠢᠳᠡᠭ ᠦᠭᠡ ᠬᠡᠯᠡ | ᠰᠣᠶᠣᠯ ᠢ ᠤᠯᠠᠮᠵᠢᠯᠠᠨ ᠪᠠᠳᠠᠷᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ︽2024 ᠣᠨ ᠤ ᠪᠦᠬᠦ ᠣᠷᠣᠨ ᠤ ᠳᠦᠷᠢᠮᠵᠢᠭᠦᠯᠦᠭᠰᠡᠨ ᠬᠢᠲᠠᠳ ᠦᠰᠦᠭ ᠢ | ᠰᠣᠨᠣᠰᠴᠤ ᠪᠢᠴᠢᠬᠦ ᠤᠷᠤᠯᠳᠤᠭᠠᠨ︾ ᠢ ᠡᠷᠬᠢᠯᠡᠬᠦ ᠪᠠᠷ ᠪᠣᠢ᠃ | ᠤᠷᠤᠯᠳᠤᠭᠠᠨ ᠳᠤ ᠣᠷᠣᠯᠴᠠᠬᠤ ᠡᠲᠡᠭᠡᠳ ᠵᠢᠴᠢ ᠳᠤᠭᠤᠶᠢᠯᠠᠩ | ᠤᠷᠤᠯᠳᠤᠭᠠᠨ ᠳᠤ ᠣᠷᠣᠯᠴᠠᠬᠤ ᠡᠲᠡᠭᠡᠳ ᠪᠣᠯ ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ | ᠪᠠᠭᠰᠢ ᠰᠤᠷᠤᠭᠴᠢ ᠪᠠ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢ ᠪᠣᠯᠤᠨ᠎ᠠ᠃ | ᠤᠷᠤᠯᠳᠤᠭᠠᠨ ᠢ ᠪᠠᠭ᠎ᠠ ᠰᠤᠷᠭᠠᠭᠤᠯᠢ ︵4 - 6 ᠣᠨ︶ ᠶᠢᠨ ᠰᠤᠷᠤᠭᠴᠢ ᠶᠢᠨ ᠳᠤᠭᠤᠶᠢᠯᠠᠩ᠂ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠳᠤᠭᠤᠶᠢᠯᠠᠩ᠂ ᠡᠩ ᠤᠨ ᠳᠡᠭᠡᠳᠦ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠳᠤᠭᠤᠶᠢᠯᠠᠩ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠰᠤᠷᠤᠭᠴᠢ ᠶᠢᠨ ᠳᠤᠭᠤᠶᠢᠯᠠᠩ᠂ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ︶ | ᠤᠨ ᠰᠤᠷᠭᠠᠭᠤᠯᠢ ᠶᠢᠨ ᠰᠤᠷᠤᠭᠴᠢ ᠶᠢᠨ ᠳᠤᠭᠤᠶᠢᠯᠠᠩ᠂ ᠵᠢᠩᠬᠢᠨᠢ ᠠᠩᠭᠢᠲᠤ ᠶᠡᠭᠡ ᠳᠡᠭᠡᠳᠦ | ᠰᠤᠷᠭᠠᠭᠤᠯᠢ ᠶᠢᠨ ᠰᠤᠷᠤᠭᠴᠢ ᠶᠢᠨ ᠳᠤᠭᠤᠶᠢᠯᠠᠩ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ | ᠳᠤᠭᠤᠶᠢᠯᠠᠩ ᠭᠡᠵᠦ 7 ᠳᠤᠭᠤᠶᠢᠯᠠᠩ ᠬᠤᠪᠢᠶᠠᠨ᠎ᠠ᠃ | ᠤᠷᠤᠯᠳᠤᠭᠠᠨ ᠤ ᠬᠡᠯᠪᠡᠷᠢ | ᠤᠷᠤᠯᠳᠤᠭᠠᠨ ᠢ ᠠᠩᠬᠠᠨ ᠤ ᠤᠷᠤᠯᠳᠤᠭᠠᠨ᠂ ᠬᠤᠶᠠᠳᠠᠬᠢ ᠤᠷᠤᠯᠳᠤᠭᠠᠨ ᠪᠠ ᠰᠢᠢᠳᠪᠦᠷᠢᠲᠦ | ᠤᠷᠤᠯᠳᠤᠭᠠᠨ ᠭᠡᠵᠦ ᠬᠤᠪᠢᠶᠠᠨ᠎ᠠ᠃ | ᠠᠩᠬᠠᠨ ᠤ ᠤᠷᠤᠯᠳᠤᠭᠠᠨ ᠢ ᠡᠯ᠎ᠡ ᠠᠶᠢᠮᠠᠭ ᠬᠤᠲᠠ ᠪᠠ ᠶᠡᠭᠡ ᠳᠡᠭᠡᠳᠦ ᠰᠤᠷᠭᠠᠭᠤᠯᠢ ᠠᠴᠠ | ᠵᠣᠬᠢᠶᠠᠨ ᠪᠠᠶᠢᠭᠤᠯᠤᠨ ᠥᠷᠨᠢᠭᠦᠯᠵᠦ᠂ ᠠᠶᠢᠮᠠᠭ ᠬᠤᠲᠠ ᠪᠠ ᠶᠡᠭᠡ ᠳᠡᠭᠡᠳᠦ ᠰᠤᠷᠭᠠᠭᠤᠯᠢ ᠪᠠᠷ ᠨᠢᠭᠡᠴᠢ ᠪᠣᠯᠭᠠᠨ᠂ | ᠳᠤᠭᠤᠶᠢᠯᠠᠩ ᠬᠤᠪᠢᠶᠠᠨ ᠰᠢᠯᠭᠠᠷᠠᠭᠤᠯᠤᠭᠰᠠᠨ ᠠᠩᠬᠠᠨ ᠤ ᠤᠷᠤᠯᠳᠤᠭᠠᠨ ᠤ ᠰᠢᠯᠢᠳᠡᠭ ᠳᠤᠭᠤᠶᠢᠯᠠᠩ ᠢ | ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠤᠷᠤᠯᠳᠤᠭᠠᠨ ᠳᠤ ᠣᠷᠣᠯᠴᠠᠭᠤᠯᠤᠨ᠎ᠠ᠃ ᠳᠤᠭᠤᠶᠢᠯᠠᠩ ᠪᠦᠷᠢ 3 | ᠣᠷᠣᠯᠴᠠᠭᠴᠢ ᠪᠠᠷ ᠪᠦᠷᠢᠯᠳᠦᠨ᠂ ᠳᠤᠭᠤᠶᠢᠯᠠᠩ ᠪᠦᠷᠢ ᠳᠤ 1 ᠵᠢᠯᠣᠭᠤᠳᠬᠤ ᠪᠠᠭᠰᠢ ᠶᠢ ᠲᠣᠭᠲᠠᠭᠠᠵᠤ᠂ | ᠰᠤᠷᠭᠠᠭᠤᠯᠢ ᠠᠯᠤᠰᠯᠠᠨ ᠳᠤᠭᠤᠶᠢᠯᠠᠩ ︽ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ︶ ᠤᠨ | ᠰᠤᠷᠭᠠᠭᠤᠯᠢ ᠶᠢᠨ ᠰᠤᠷᠤᠭᠴᠢ ᠶᠢᠨ ᠳᠤᠭᠤᠶᠢᠯᠠᠩ᠂ ᠵᠢᠩᠬᠢᠨᠢ ᠠᠩᠭᠢᠲᠤ ᠶᠡᠭᠡ ᠳᠡᠭᠡᠳᠦ ᠰᠤᠷᠭᠠᠭᠤᠯᠢ ᠶᠢᠨ | ᠰᠤᠷᠤᠭᠴᠢ ᠶᠢᠨ ᠳᠤᠭᠤᠶᠢᠯᠠᠩ ᠢ ᠪᠠᠭᠲᠠᠭᠠᠬᠤ ᠦᠭᠡᠢ︶ ᠵᠣᠬᠢᠶᠠᠨ ᠪᠠᠶᠢᠭᠤᠯᠬᠤ ᠶᠢ ᠵᠦᠪᠰᠢᠶᠡᠷᠡᠨ᠎ᠡ᠃ ᠠᠩᠬᠠᠨ ᠤ | ᠤᠷᠤᠯᠳᠤᠭᠠᠨ ᠢ 5 ᠰᠠᠷ᠎ᠠ ᠶᠢᠨ 23 ᠤ ᠡᠳᠦᠷ ᠠᠴᠠ ᠡᠮᠦᠨ᠎ᠡ ᠳᠠᠭᠤᠰᠬᠠᠨ᠎ᠠ᠃ | ᠬᠤᠶᠠᠳᠠᠬᠢ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠲᠢᠩᠬᠢᠮ ᠠᠴᠠ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠳᠡᠭᠡᠳᠦ ᠵᠡᠷᠭᠡ ᠶᠢᠨ ᠠᠵᠢᠯ | ᠮᠡᠷᠭᠡᠵᠢᠯ ︵ᠲᠤᠰᠬᠠᠢ ᠮᠡᠷᠭᠡᠵᠢᠯ︶ ᠤᠨ ᠰᠤᠷᠭᠠᠭᠤᠯᠢ ᠶᠢᠨ ᠰᠤᠷᠤᠭᠴᠢ ᠶᠢᠨ ᠳᠤᠭᠤᠶᠢᠯᠠᠩ᠂ ᠵᠢᠩᠬᠢᠨᠢ ᠠᠩᠭᠢᠲᠤ | ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠶᠢᠨ ᠳᠤᠭᠤᠶᠢᠯᠠᠩ ᠤᠨ ᠨᠡᠷ᠎ᠡ ᠮᠡᠳᠡᠭᠦᠯᠦᠭᠰᠡᠨ ᠤᠷᠤᠯᠳᠤᠭᠠᠨ ᠳᠤ | ᠣᠷᠣᠯᠴᠠᠬᠤ ᠳᠤᠭᠤᠶᠢᠯᠠᠩ ᠤᠨ ᠲᠤᠭ᠎ᠠ ᠶᠢ ᠦᠵᠡᠵᠦ ᠬᠤᠶᠠᠳᠠᠬᠢ ᠤᠷᠤᠯᠳᠤᠭᠠᠨ ᠢ ᠵᠣᠬᠢᠶᠠᠨ ᠪᠠᠶᠢᠭᠤᠯᠬᠤ | ᠡᠰᠡᠬᠦ ᠶᠢ ᠳᠣᠭᠲᠠᠭᠠᠨ᠎ᠠ᠂ ᠤᠷᠤᠯᠳᠤᠭᠠᠨ ᠳᠤ ᠣᠷᠣᠯᠴᠠᠬᠤ ᠳᠤᠭᠤᠶᠢᠯᠠᠩ ᠤᠨ ᠲᠤᠭ᠎ᠠ 12 ᠠᠴᠠ ᠢᠯᠡᠭᠦᠦ | ᠦᠶ᠎ᠡ ᠳᠤ᠂ ᠤᠷᠢᠳ ᠢᠶᠠᠷ ᠬᠤᠶᠠᠳᠠᠬᠢ ᠤᠷᠤᠯᠳᠤᠭᠠᠨ ᠢ ᠵᠣᠬᠢᠶᠠᠨ ᠪᠠᠶᠢᠭᠤᠯᠤᠨ᠂ 12 ᠢ ᠰᠢᠯᠭᠠᠷᠠᠭᠤᠯᠵᠤ | ᠰᠢᠢᠳᠪᠦᠷᠢᠲᠦ ᠤᠷᠤᠯᠳᠤᠭᠠᠨ ᠳᠤ ᠣᠷᠣᠯᠴᠠᠭᠤᠯᠵᠤ᠂ ᠤᠷᠤᠯᠳᠤᠭᠠᠨ ᠳᠤ ᠣᠷᠣᠯᠴᠠᠬᠤ ᠳᠣᠭᠤᠶᠢᠯᠠᠩ ᠤᠨ ᠲᠤᠭ᠎ᠠ | 12 ᠠᠴᠠ ᠪᠠᠭ᠎ᠠ ᠦᠶ᠎ᠡ ᠳᠤ ᠬᠤᠶᠠᠳᠠᠬᠢ ᠤᠷᠤᠯᠳᠤᠭᠠᠨ ᠢ ᠵᠣᠬᠢᠶᠠᠨ ᠪᠠᠶᠢᠭᠤᠯᠬᠤ ᠦᠭᠡᠢ᠂ ᠰᠢᠢᠳᠪᠦᠷᠢᠲᠦ | ᠤᠷᠤᠯᠳᠤᠭᠠᠨ ᠢ ᠰᠢᠭᠤᠳ ᠶᠠᠪᠤᠭᠳᠠᠭᠤᠯᠤᠨ᠎ᠠ᠃ ᠪᠤᠰᠤᠳ ᠳᠤᠭᠤᠶᠢᠯᠠᠩ ᠵᠥᠪᠬᠡᠨ ᠰᠢᠢᠳᠪᠦᠷᠢᠲᠦ ᠤᠷᠤᠯᠳᠤᠭᠠᠨ | ᠬᠢᠨ᠎ᠡ᠃ ᠱᠠᠭᠠᠷᠳᠠᠯᠭ᠎ᠠ ᠶᠣᠰᠣᠭᠠᠷ ᠳᠤᠭᠤᠶᠢᠯᠠᠩ ᠵᠣᠬᠢᠶᠠᠨ ᠪᠠᠶᠢᠭᠤᠯᠤᠭᠰᠠᠨ ᠦᠭᠡᠢ ᠪᠣᠯ ᠬᠤᠶᠠᠳᠠᠬᠢ | ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠳᠤ ᠣᠷᠣᠯᠴᠠᠬᠤ ᠬᠢᠷᠢ ᠭᠡᠮ ᠢ ᠬᠦᠴᠦᠨ ᠦᠭᠡᠢ ᠪᠣᠯᠭᠠᠨ᠎ᠠ᠃ | ᠤᠷᠤᠯᠳᠤᠭᠠᠨ ᠢ ᠠᠬᠤᠢ ᠲᠠᠯᠠᠪᠠᠢ ᠳᠤ ᠬᠤᠪᠢ ᠥᠭᠬᠦ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ | ᠬᠤᠶᠠᠳᠠᠬᠢ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠤ ᠪᠣᠳᠠᠲᠠᠢ ᠵᠦᠢᠯ ᠢ ᠠᠰ ᠲᠤ ᠨᠢ ᠮᠡᠳᠡᠭᠳᠡᠨ᠎ᠡ᠃ | | ᠤᠷᠤᠯᠳᠤᠭᠠᠨ ᠤ ᠳᠦᠷᠢᠮ | ᠤᠷᠤᠯᠳᠤᠭᠠᠨ ᠤ ᠰᠢᠯᠭᠠᠯᠲᠠ ᠶᠢᠨ ᠰᠡᠳᠦᠪ ᠢ 2013 ᠣᠨ ᠳᠤ ᠨᠡᠶᠢᠲᠡᠯᠡᠭᠰᠡᠨ ᠤᠯᠤᠰ ᠤᠨ ︽ | ᠨᠡᠶᠢᠳᠡᠮ ᠬᠡᠷᠡᠭᠯᠡᠬᠦ ᠳᠦᠷᠢᠮᠵᠢᠭᠦᠯᠦᠭᠰᠡᠨ ᠬᠢᠲᠠᠳ ᠦᠰᠦᠭ ᠤᠨ ᠬᠦᠰᠦᠨᠦᠭᠲᠦ︾ ᠪᠠᠷ ᠰᠠᠭᠤᠷᠢ ᠪᠣᠯᠭᠠᠵᠤ᠂ | ᠳᠤᠮᠳᠠᠳᠤ ᠶᠢᠨ ᠰᠣᠩᠭᠤᠳᠠᠭ ᠨᠡᠷᠡᠲᠦ ᠵᠣᠬᠢᠶᠠᠯ᠂ ᠰᠢᠯᠦᠭ ᠳᠠᠭᠤᠯᠠᠯ ᠤᠨ ᠬᠤᠯᠪᠣᠭᠳᠠᠯ ᠪᠦᠬᠦᠢ ᠠᠭᠤᠯᠭ᠎ᠠ ᠲᠠᠢ | ᠤᠶᠠᠯᠳᠤᠭᠤᠯᠤᠨ ᠰᠤᠳᠤᠯᠤᠨ ᠦᠢᠯᠡᠳᠪᠡ᠃ | ᠰᠡᠳᠦᠪ ᠬᠠᠷᠢᠭᠤᠯᠬᠤ ᠬᠡᠯᠪᠡᠷᠢ ᠳᠤ ᠪᠢᠴᠢᠬᠦ ᠪᠠ ᠰᠢᠭᠤᠳ ᠬᠠᠷᠢᠭᠤᠯᠬᠤ ᠶᠢ ᠪᠠᠭᠲᠠᠭᠠᠨ᠎ᠠ᠃ | ᠪᠢᠴᠢᠬᠦ ᠰᠢᠯᠭᠠᠯᠲᠠ ᠳᠤ ᠬᠠᠪᠲᠠᠭᠠᠢ ᠡᠯᠧᠺᠳ᠋ᠷᠣᠨ ᠲᠥᠬᠦᠭᠡᠷᠦᠮᠵᠢ ᠶᠢ ᠬᠡᠷᠡᠭᠯᠡᠵᠦ᠂ ᠤᠷᠤᠯᠳᠤᠭᠠᠨ ᠳᠤ | ᠣᠷᠣᠯᠴᠠᠭᠰᠠᠳ ᠡᠷᠬᠡᠪᠰᠢ ᠳᠦᠷᠢᠮᠵᠢᠭᠦᠯᠦᠭᠰᠡᠨ ᠬᠢᠲᠠᠳ ᠦᠰᠦᠭ ᠢ ᠪᠢᠴᠢᠵᠦ᠂ ᠵᠢᠷᠤᠯᠭ᠎ᠠ ᠶᠢᠨ ᠳᠡᠰ ᠳᠠᠷᠠᠭᠠᠯᠠᠯ | ᠳᠦᠷᠢᠮᠵᠢᠯ ᠳᠤ ᠨᠡᠶᠢᠴᠡᠵᠦ᠂ ᠦᠰᠦᠭ ᠤᠨ ᠲᠢᠭ ᠬᠢᠴᠢᠶᠡᠩᠭᠦᠢ ᠦᠰᠦᠭ ᠪᠠᠶᠢᠬᠤ ᠬᠡᠷᠡᠭᠲᠡᠢ︔ ᠰᠢᠭᠤᠳ | ᠬᠠᠷᠢᠭᠤᠯᠬᠤ ᠰᠡᠳᠦᠪ ᠲᠤ ᠡᠷᠬᠡᠪᠰᠢ ᠨᠡᠶᠢᠲᠡᠯᠢᠭ ᠬᠡᠯᠡ ᠶᠢ ᠬᠡᠷᠡᠭᠯᠡᠵᠦ᠂ ᠠᠪᠢᠶ᠎ᠠ ᠲᠣᠳᠣᠷᠬᠠᠢ᠂ ᠳᠦᠷᠢᠮᠵᠢᠯ ᠲᠠᠢ | ᠪᠠᠶᠢᠬᠤ ᠬᠡᠷᠡᠭᠲᠡᠢ᠃ ᠬᠢᠵᠠᠭᠠᠷᠯᠠᠭᠰᠠᠨ ᠴᠠᠭ ᠤᠨ ᠳᠣᠲᠤᠷ᠎ᠠ᠂ ᠣᠷᠣᠯᠴᠠᠭᠰᠠᠳ ᠰᠡᠳᠦᠪ ᠤᠨ ᠠᠭᠤᠯᠭ᠎ᠠ ᠳᠤ | ᠵᠠᠰᠠᠪᠤᠷᠢ ᠣᠷᠣᠭᠤᠯᠬᠤ ᠪᠤᠶᠤ ᠳᠠᠬᠢᠨ ᠬᠠᠷᠢᠭᠤᠯᠵᠤ ᠪᠣᠯᠤᠨ᠎ᠠ᠃ | ᠱᠠᠩᠨᠠᠯ ᠤᠨ ᠲᠣᠬᠢᠷᠠᠭᠤᠯᠤᠯᠲᠠ | ᠡᠯ᠎ᠡ ᠳᠤᠭᠤᠶᠢᠯᠠᠩ ᠤᠨ ᠰᠢᠢᠳᠪᠦᠷᠢᠲᠦ ᠤᠷᠤᠯᠳᠤᠭᠠᠨ ᠤ ᠳᠠᠷᠠᠭ᠎ᠠ᠂ ᠮᠠᠩᠯᠠᠢ ᠳᠤᠭᠤᠶᠢᠯᠠᠩ 1᠂ | ᠳᠡᠳ᠋ ᠳᠤᠭᠤᠶᠢᠯᠠᠩ 2᠂ ᠭᠤᠲᠠᠭᠠᠷ ᠳᠤᠭᠤᠶᠢᠯᠠᠩ 3 ᠶᠢ ᠰᠢᠯᠭᠠᠷᠠᠭᠤᠯᠵᠤ᠂ ᠤᠷᠤᠯᠳᠤᠭᠠᠨ ᠳᠤ ᠣᠷᠣᠯᠴᠠᠭᠰᠠᠨ | ᠪᠤᠰᠤᠳ ᠳᠤᠭᠤᠶᠢᠯᠠᠩ ᠰᠢᠯᠢᠳᠡᠭ ᠱᠠᠩᠨᠠᠯ ᠭᠦᠷᠲᠡᠨ᠎ᠡ︔ ᠰᠢᠢᠳᠪᠦᠷᠢᠲᠦ ᠤᠷᠤᠯᠳᠤᠭᠠᠨ ᠳᠤ ᠣᠷᠣᠯᠴᠠᠬᠤ | ᠳᠤᠭᠤᠶᠢᠯᠠᠩ ᠤᠨ ᠲᠤᠭ᠎ᠠ 12 ᠬᠦᠷᠬᠦ ᠦᠭᠡᠢ ᠪᠣᠯ᠂ ᠮᠠᠩᠯᠠᠢ ᠳᠤᠭᠤᠶᠢᠯᠠᠩ 1 ᠶᠢ ᠰᠢᠯᠭᠠᠷᠠᠭᠤᠯᠵᠤ᠂ ᠳᠡᠳ᠋ | ᠳᠤᠭᠤᠶᠢᠯᠠᠩ ᠪᠠ ᠭᠤᠲᠠᠭᠠᠷ ᠳᠤᠭᠤᠶᠢᠯᠠᠩ ᠢ ᠰᠢᠢᠳᠪᠦᠷᠢᠲᠦ ᠤᠷᠤᠯᠳᠤᠭᠠᠨ ᠳᠤ ᠣᠷᠣᠯᠴᠠᠬᠤ ᠳᠤᠭᠤᠶᠢᠯᠠᠩ ᠤᠨ | ᠲᠣᠭᠠᠨ ᠤ ᠬᠠᠷᠢᠴᠠᠯ ᠤᠨ 20% ᠪᠠ 25% ᠢᠶᠠᠷ ᠰᠢᠯᠭᠠᠷᠠᠭᠤᠯᠤᠨ᠎ᠠ ︵ᠲᠡᠭᠰᠢ ᠲᠤᠭ᠎ᠠ ᠪᠢᠰᠢ ᠪᠣᠯ ᠲᠥᠷᠪᠡ ᠶᠢ | ᠬᠠᠶᠠᠵᠤ ᠲᠠᠪᠤ ᠶᠢ ᠳᠡᠪᠰᠢᠭᠦᠯᠬᠦ ᠪᠠᠷ ᠪᠥᠳᠦᠨ ᠲᠤᠭ᠎ᠠ ᠶᠢ ᠦᠯᠡᠳᠡᠭᠡᠨ᠎ᠡ︶᠃ ᠤᠷᠤᠯᠳᠤᠭᠠᠨ ᠳᠤ | ᠣᠷᠣᠯᠴᠠᠭᠰᠠᠨ ᠳᠤᠭᠤᠶᠢᠯᠠᠩ ᠤᠨ ᠣᠯᠤᠭᠰᠠᠨ ᠬᠤᠪᠢ ᠶᠢ ᠥᠨᠳᠥᠷ ᠠᠴᠠ ᠳᠣᠣᠷ᠎ᠠ ᠲᠡᠶᠢᠰᠢ ᠵᠢᠭᠰᠠᠭᠠᠵᠤ | ᠰᠢᠯᠭᠠᠷᠠᠭᠤᠯᠤᠨ᠎ᠠ᠃ ᠮᠠᠩᠯᠠᠶᠢᠯᠠᠭᠰᠠᠨ ᠳᠤᠭᠤᠶᠢᠯᠠᠩ ᠢ ᠵᠢᠯᠣᠭᠤᠳᠤᠭᠰᠠᠨ ᠪᠠᠭᠰᠢ ᠰᠢᠯᠢᠳᠡᠭ ᠵᠢᠯᠣᠭᠤᠳᠤᠭᠰᠠᠨ | ᠪᠠᠭᠰᠢ ᠶᠢᠨ ᠱᠠᠩᠨᠠᠯ ᠭᠦᠷᠲᠡᠨ᠎ᠡ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠱᠠᠩᠨᠠᠯ ᠣᠯᠤᠭᠰᠠᠨ | ᠠᠶᠢᠮᠠᠭ ᠬᠤᠲᠠ᠂ ᠳᠡᠭᠡᠳᠦ ᠰᠤᠷᠭᠠᠭᠤᠯᠢ ᠵᠢᠴᠢ ᠣᠷᠣᠯᠴᠠᠭᠴᠢ᠂ ᠵᠢᠯᠣᠭᠤᠳᠤᠭᠰᠠᠨ ᠪᠠᠭᠰᠢ ᠳᠤ ᠱᠠᠩᠨᠠᠯ ᠤᠨ | ᠮᠧᠳᠠᠯ ᠪᠠ ᠦᠨᠡᠮᠯᠡᠯ ᠣᠯᠭᠤᠨ᠎ᠠ᠃ | ᠠᠵᠢᠯ ᠤᠨ ᠱᠠᠭᠠᠷᠳᠠᠯᠭ᠎ᠠ | ᠡᠨᠡ ᠤᠳᠠᠭᠠᠨ ᠤ ᠰᠣᠨᠣᠰᠴᠤ ᠪᠢᠴᠢᠬᠦ ᠤᠷᠤᠯᠳᠤᠭᠠᠨ ᠢ ᠡᠷᠬᠢᠯᠡᠵᠦ ᠪᠠᠶᠢᠭ᠎ᠠ ᠪᠣᠯ ᠮᠠᠨ ᠤ ᠣᠷᠣᠨ | ᠰᠤᠷᠭᠠᠨ ᠬᠥᠮᠦᠵᠢᠯ ᠤᠨ ᠶᠠᠮᠤᠨ᠂ ᠤᠯᠤᠰ ᠤᠨ ᠦᠭᠡ ᠬᠡᠯᠡ ᠦᠰᠦᠭ ᠪᠢᠴᠢᠭ ᠤᠨ ᠵᠥᠪᠯᠡᠯ ᠤᠨ ᠳᠠᠷᠤᠮᠠᠯᠯᠠᠨ | ᠲᠠᠷᠬᠠᠭᠠᠭᠰᠠᠨ ︽ᠳᠤᠮᠳᠠᠳᠤ ᠶᠢᠨ ᠰᠣᠩᠭᠤᠳᠠᠭ ᠵᠣᠬᠢᠶᠠᠯ ᠢ ᠤᠶᠠᠩᠭᠠᠯᠠᠨ ᠤᠩᠰᠢᠬᠤ ᠢᠨᠵᠧᠨᠧᠷᠢᠩ ᠤᠨ | ᠬᠡᠷᠡᠭᠵᠢᠭᠦᠯᠬᠦ ᠲᠥᠰᠦᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠪᠠᠶᠢᠵᠤ᠂ | ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠤᠨ᠂ ᠮᠠᠨ ᠤ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ | ᠰᠤᠷᠭᠠᠭᠤᠯᠢ ᠶᠢᠨ ᠪᠠᠭᠰᠢ ᠰᠤᠷᠤᠭᠴᠢᠳ ᠤᠨ ᠬᠢᠲᠠᠳ ᠦᠰᠦᠭ ᠢ ᠰᠣᠨᠣᠰᠴᠤ ᠪᠢᠴᠢᠬᠦ ᠴᠢᠳᠠᠪᠤᠷᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠦᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠴᠢᠨᠠᠷᠯᠢᠭ | ᠳᠡᠯᠭᠡᠷᠡᠭᠦᠯᠦᠨ ᠲᠦᠭᠡᠮᠡᠯᠵᠢᠭᠦᠯᠵᠦ᠂ ᠳᠤᠮᠳᠠᠳᠤ ᠶᠢᠨ ᠰᠢᠯᠢᠳᠡᠭ ᠦᠭᠡ ᠬᠡᠯᠡ ᠰᠣᠶᠣᠯ ᠢ ᠤᠯᠠᠮᠵᠢᠯᠠᠨ | ᠵᠠᠯᠭᠠᠮᠵᠢᠯᠠᠬᠤ ᠶᠢᠨ ᠲᠥᠯᠥᠭᠡ ᠶᠤᠮ᠃ | ᠡᠯ᠎ᠡ ᠭᠠᠵᠠᠷ ᠤᠨ ᠡᠯ᠎ᠡ ᠰᠤᠷᠭᠠᠭᠤᠯᠢ ᠳᠦᠷᠢᠮᠵᠢᠭᠦᠯᠦᠭᠰᠡᠨ ᠬᠢᠲᠠᠳ ᠦᠰᠦᠭ ᠢ ᠰᠣᠨᠣᠰᠴᠤ | ᠪᠢᠴᠢᠬᠦ ᠤᠷᠤᠯᠳᠤᠭᠠᠨ ᠢ ᠥᠷᠨᠢᠭᠦᠯᠬᠦ ᠠᠵᠢᠯᠯᠠᠭ᠎ᠠ ᠪᠣᠯ ᠥᠷᠭᠡᠨ ᠣᠯᠠᠨ ᠪᠠᠭᠰᠢ ᠰᠤᠷᠤᠭᠴᠢ ᠶᠢᠨ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠬᠦ ᠴᠢᠳᠠᠪᠤᠷᠢ ᠪᠠ ᠦᠭᠡ ᠬᠡᠯᠡ ᠰᠣᠶᠣᠯ ᠤᠨ ᠬᠡᠪ | ᠪᠣᠯᠪᠠᠰᠤᠷᠠᠯ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠭᠡᠳᠡᠭ ᠢ ᠭᠦᠢᠴᠡᠳ ᠲᠠᠨᠢᠵᠤ᠂ | ᠤᠳᠤᠷᠢᠳᠤᠯᠭ᠎ᠠ ᠪᠠᠨ ᠴᠢᠩᠭᠠᠳᠬᠠᠨ᠂ ᠮᠡᠳᠡᠭᠳᠡᠯ ᠤᠨ ᠱᠠᠭᠠᠷᠳᠠᠯᠭ᠎ᠠ ᠶᠣᠰᠣᠭᠠᠷ ᠲᠤᠰ ᠭᠠᠵᠠᠷ ᠣᠷᠣᠨ᠂ | ᠰᠤᠷᠭᠠᠭᠤᠯᠢ ᠶᠢᠨ ᠤᠷᠤᠯᠳᠤᠭᠠᠨ ᠢ ᠵᠣᠬᠢᠶᠠᠨ ᠪᠠᠶᠢᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ | ᠤᠷᠤᠯᠳᠤᠭᠠᠨ ᠪᠣᠯᠤᠨ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠣᠷᠭᠠᠨᠢᠭ ᠢᠶᠠᠷ | ᠠᠭᠤᠰᠬᠠᠵᠤ᠂ ᠬᠠᠷᠢᠯᠴᠠᠨ ᠠᠬᠢᠭᠤᠯᠬᠤ ᠶᠢ ᠴᠢᠬᠤᠯᠠᠴᠢᠯᠠᠵᠤ᠂ ᠤᠷᠤᠯᠳᠤᠭᠠᠨ ᠢᠶᠠᠷ ᠳᠠᠮᠵᠢᠭᠤᠯᠤᠨ ᠪᠠᠭᠰᠢ | ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠬᠦ ᠰᠠᠨᠠᠭᠠᠴᠢᠯᠠᠭᠠᠲᠤ | ᠴᠢᠨᠠᠷ ᠪᠣᠯᠤᠨ ᠢᠳᠡᠪᠬᠢᠵᠢᠯ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ | ᠰᠤᠷᠤᠭᠴᠢᠳ ᠰᠠᠶᠢᠨ ᠳᠤᠷ᠎ᠠ ᠠᠴᠠ ᠪᠠᠨ ᠪᠤᠶᠤ ᠬᠡᠪ ᠤᠨ ᠰᠤᠷᠤᠯᠭ᠎ᠠ ᠪᠠᠨ ᠨᠥᠯᠥᠭᠡᠯᠡᠬᠦ ᠦᠭᠡᠢ ᠪᠠᠶᠢᠬᠤ ᠤᠷᠢᠲᠠᠯ | ᠳᠣᠣᠷ᠎ᠠ ᠠᠩᠬᠠᠨ ᠤ ᠤᠷᠤᠯᠳᠤᠭᠠᠨ ᠢ ᠵᠣᠬᠢᠶᠠᠨ ᠪᠠᠶᠢᠭᠤᠯᠵᠤ᠂ ᠬᠢᠴᠢᠶᠡᠯ ᠵᠣᠭᠰᠣᠵᠤ ᠪᠣᠯᠪᠠᠰᠤᠷᠠᠭᠤᠯᠬᠤ ᠪᠠ | ᠥᠨᠳᠥᠷ ᠬᠦᠴᠦᠯᠡᠴᠡ ᠲᠠᠢ ᠲᠥᠪᠯᠡᠷᠡᠭᠦᠯᠦᠨ ᠪᠣᠯᠪᠠᠰᠤᠷᠠᠭᠤᠯᠬᠤ ᠶᠢ ᠴᠢᠩᠭ᠎ᠠ ᠬᠤᠷᠢᠭᠯᠠᠵᠤ᠂ ᠰᠤᠷᠤᠭᠴᠢᠳ ᠠᠴᠠ | ᠶᠠᠮᠠᠷ ᠪᠠ ᠰᠦᠢᠳᠬᠡᠯ ᠬᠤᠷᠢᠶᠠᠬᠤ ᠶᠢ ᠴᠢᠩᠭ᠎ᠠ ᠬᠤᠷᠢᠭᠯᠠᠬᠤ ᠬᠡᠷᠡᠭᠲᠡᠢ᠃ ᠤᠷᠤᠯᠳᠤᠭᠠᠨ ᠢ ᠵᠣᠬᠢᠶᠠᠨ ᠪᠠᠶᠢᠭᠤᠯᠬᠤ | ᠤᠬᠠᠭᠤᠯᠭ᠎ᠠ ᠶᠢ ᠰᠠᠶᠢᠲᠤᠷ ᠬᠢᠵᠦ᠂ ᠤᠷᠤᠯᠳᠤᠭᠠᠨ ᠤ ᠠᠵᠢᠯᠯᠠᠭ᠎ᠠ ᠶᠢᠨ ᠦᠰᠦᠭ ᠪᠢᠴᠢᠭ᠂ ᠭᠡᠷᠡᠯ ᠵᠢᠷᠤᠭ᠂ | ᠸᠢᠳᠢᠣ᠋ ᠵᠡᠷᠭᠡ ᠮᠠᠲ᠋ᠧᠷᠢᠶᠠᠯ ᠢ ᠴᠤᠭᠯᠠᠭᠤᠯᠬᠤ ᠶᠢ ᠴᠢᠬᠤᠯᠠᠴᠢᠯᠠᠵᠤ᠂ ᠬᠤᠯᠪᠣᠭᠳᠠᠯ ᠪᠦᠬᠦᠢ ᠵᠠᠭᠤᠴᠢᠯᠠᠭᠤᠷ ᠲᠠᠢ | ᠢᠳᠡᠪᠬᠢᠲᠡᠢ ᠬᠠᠷᠢᠯᠴᠠᠵᠤ ᠤᠷᠤᠯᠳᠤᠭᠠᠨ ᠤ ᠠᠵᠢᠯᠯᠠᠭ᠎ᠠ ᠶᠢ ᠤᠬᠠᠭᠤᠯᠤᠨ ᠮᠡᠳᠡᠭᠡᠯᠡᠬᠦ ᠠᠵᠢᠯ ᠢ ᠰᠠᠶᠢᠲᠤᠷ ᠬᠢᠵᠦ᠂ | ᠨᠡᠶᠢᠭᠡᠮ ᠤᠨ ᠨᠥᠯᠥᠭᠡᠯᠡᠬᠦ ᠬᠦᠴᠦᠨ ᠢ ᠥᠷᠭᠡᠳᠬᠡᠬᠦ ᠬᠡᠷᠡᠭᠲᠡᠢ᠃ |