| ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢᠨ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ | ᠥᠨᠳᠥᠷ ᠪᠦᠲᠦᠮᠵᠢᠲᠡᠶ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠰᠢᠨ᠎ᠡ ᠰᠢᠰᠲ᠋ᠧᠮᠵᠢ ᠶᠢ ᠲᠦᠷᠭᠡᠨ | ᠪᠠᠶᠢᠭᠤᠯᠬᠤ ᠶᠢᠨ ᠲᠥᠯᠥᠭᠡ᠂ 5 ᠰᠠᠷ᠎ᠠ ᠶᠢᠨ 14 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ | ᠱᠦᠵᠢ ᠱᠣᠸ ᠶᠠᠨ ᠵᠢᠶᠦ᠋ᠨ ᠪᠥᠬᠦ ᠬᠤᠰᠢᠭᠤᠨ ᠤ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ | ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠢᠪᠡ᠃ ᠬᠤᠰᠢᠭᠤᠨ ᠤ ᠤᠳᠤᠷᠢᠳᠤᠯᠭ᠎ᠠ ᠪᠦᠦ ᠸᠧᠨ ᠯᠠᠨ᠂ ᠮᠦ ᠲᠢᠶᠧ | ᠮᠢᠨ᠂ ᠭᠦᠸᠧ ᠶᠠ ᠹᠧᠩ᠂ ᠢᠦᠢ ᠬᠠᠢ ᠪᠦᠦ᠂ ᠳ᠋ᠢᠩ ᡁᠢ ᠭᠠᠩ᠂ ᠼᠦᠢ ᠯᠧᠢ ᠯᠧᠢ᠂ ᠪᠥᠸᠧ ᠱᠢ ᠶᠤᠸᠠᠨ | ᠬᠤᠷᠠᠯ ᠳᠤ ᠣᠷᠣᠯᠴᠠᠵᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠡ ᠶᠢᠨ | ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ | ᠬᠤᠷᠠᠯ ᠳᠤ ᠣᠷᠣᠯᠴᠠᠭᠰᠠᠨ ᠡᠯ᠎ᠡ ᠤᠳᠤᠷᠢᠳᠤᠯᠭ᠎ᠠ ᠠᠴᠠ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠦᠢᠯᠡᠰ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠦᠢᠯᠡᠰ᠂ ᠪᠠᠷᠠᠭᠠᠨ ᠤ ᠭᠦᠢᠯᠭᠡᠭᠡᠨ ᠤ | ᠦᠢᠯᠡᠰ᠂ ᠰᠣᠶᠣᠯ ᠵᠢᠭᠤᠯᠴᠢᠯᠠᠯ ᠤᠨ ᠦᠢᠯᠡᠰ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠬᠦᠷᠢᠶᠡᠨ ᠤ ᠦᠢᠯᠡᠴᠢᠯᠡᠭᠡᠨ ᠤ ᠦᠢᠯᠡᠰ᠂ ᠨᠠᠰᠤᠵᠢᠯ ᠤᠨ ᠠᠰᠠᠷᠠᠮᠵᠢ ᠭᠡᠷ ᠠᠬᠤᠢ ᠶᠢᠨ ᠦᠢᠯᠡᠴᠢᠯᠡᠭᠡᠨ ᠤ ᠦᠢᠯᠡᠰ᠂ | ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ᠂ ᠭᠡᠷ ᠪᠠᠶᠢᠰᠢᠩ | ᠭᠠᠵᠠᠷ ᠬᠥᠷᠥᠩᠭᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠵᠡᠷᠭᠡ ᠠᠵᠢᠯ ᠢ ᠠᠬᠢᠭᠤᠯᠤᠭᠰᠠᠨ ᠪᠠᠶᠢᠳᠠᠯ ᠤᠨ | ᠲᠤᠬᠠᠢ ᠨᠠᠷᠢᠨ ᠲᠣᠳᠣᠷᠬᠠᠢ ᠬᠠᠷᠢᠭᠤ ᠮᠡᠳᠡᠭᠦᠯᠦᠯᠲᠡ ᠬᠢᠵᠦ᠂ ᠡᠯ᠎ᠡ ᠬᠠᠮᠢᠶ᠎ᠠ ᠪᠦᠬᠦᠢ ᠨᠢᠭᠡᠴᠡ ᠶᠢᠨ | ᠬᠠᠷᠢᠭᠤᠴᠠᠯᠭᠠᠲᠠᠨ ᠨᠥᠬᠦᠪᠦᠷᠢ ᠶᠠᠷᠢᠶ᠎ᠠ ᠲᠠᠯᠪᠢᠪᠠ᠃ | ᠱᠣᠣ ᠶᠠᠨ ᠵᠢᠶᠦ᠋ᠨ ᠴᠢᠬᠤᠯᠠᠴᠢᠯᠠᠭᠰᠠᠨ ᠨᠢ᠂ ᠦᠢᠯᠡᠴᠢᠯᠡᠭᠡᠨ ᠤ ᠦᠢᠯᠡᠰ ᠨᠢ ᠠᠵᠤ ᠠᠬᠤᠢ ᠶᠢᠨ ᠰᠠᠭᠠᠳ | ᠦᠭᠡᠢ ᠡᠷᠭᠢᠯᠲᠡ ᠶᠢ ᠪᠤᠶ ᠪᠣᠯᠭᠠᠬᠤ ᠳᠤ ᠲᠤᠶᠢᠯ ᠤᠨ ᠴᠢᠬᠤᠯᠠ ᠦᠢᠯᠡᠳᠦᠯ ᠲᠠᠢ ᠶᠤᠮ᠂ ᠣᠷᠣᠨ ᠨᠤᠲᠤᠭ ᠤᠨ ᠠᠵᠤ | ᠠᠬᠤᠢ ᠨᠡᠶᠢᠭᠡᠮ ᠤᠨ ᠣᠷᠳᠣ ᠬᠤᠭᠤᠴᠠᠭᠠᠨ ᠤ ᠬᠥᠭᠵᠢᠯᠲᠡ ᠳᠤ ᠠᠯᠤᠰ ᠬᠡᠲᠦ ᠶᠢᠨ ᠨᠥᠯᠥᠭᠡ ᠲᠠᠢ ᠪᠣᠯᠬᠤᠷ᠂ ᠡᠯ᠎ᠡ | ᠬᠠᠮᠢᠶ᠎ᠠ ᠪᠦᠬᠦᠢ ᠨᠢᠭᠡᠴᠡ ᠪᠠ ᠰᠠᠯᠠᠭ᠎ᠠ ᠮᠥᠴᠢᠷ ᠬᠢᠨ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠶᠢᠨ ᠴᠢᠬᠤᠯᠠ | ᠴᠢᠨᠠᠷ ᠢ ᠭᠦᠨᠵᠡᠭᠡᠢ ᠲᠠᠨᠢᠵᠤ᠂ ᠪᠠᠭᠤᠷᠠᠢ ᠲᠠᠯ᠎ᠠ ᠪᠠ ᠭᠠᠷᠳᠠᠬᠤ ᠴᠡᠭ ᠢᠶᠠᠨ ᠣᠨᠣᠪᠴᠢᠲᠠᠶ ᠣᠯᠵᠤ᠂ ᠪᠠᠶᠢᠳᠠᠯ ᠢ | ᠲᠣᠳᠣᠷᠬᠠᠢ ᠲᠠᠨᠢᠵᠤ᠂ ᠴᠢᠭᠯᠡᠯ ᠢᠶᠠᠨ ᠲᠣᠳᠣᠷᠬᠠᠶᠢᠯᠠᠨ᠂ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ | ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠬᠦᠷᠢᠶ᠎ᠡ ᠴᠠᠷᠠᠭ᠎ᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ | ᠰᠤᠳᠤᠯᠤᠨ ᠲᠣᠭᠲᠠᠭᠠᠵᠤ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠬᠡᠪᠰᠢᠭᠰᠡᠨ᠂ ᠳᠦᠷᠢᠮᠵᠢᠭᠰᠡᠨ ᠲᠣᠭᠲᠠᠴᠠ ᠶᠢ | ᠪᠠᠶᠢᠭᠤᠯᠬᠤ ᠬᠡᠷᠡᠭᠲᠡᠢ᠃ ᠪᠥᠬᠦ ᠬᠤᠰᠢᠭᠤᠨ ᠤ ᠣᠷᠣᠨ ᠪᠠᠶᠢᠷᠢ᠂ ᠲᠠᠷᠢᠶᠠᠯᠠᠩ ᠤᠨ ᠳᠠᠭᠠᠯᠲᠠ ᠪᠦᠲᠦᠭᠡᠭᠳᠡᠬᠦᠨ᠂ | ᠰᠣᠶᠣᠯ ᠤᠨ ᠨᠠᠷᠠᠲᠤ ᠲᠡᠮᠳᠡᠭ ᠵᠡᠷᠭᠡ ᠪᠣᠳᠠᠲᠠᠢ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠲᠠᠰᠤᠷᠠᠯᠲᠠ | ᠦᠭᠡᠢ ᠲᠣᠮᠣ ᠠᠵᠤ ᠠᠬᠤᠶᠢᠯᠠᠯ ᠣᠷᠢᠵᠤ᠂ ᠶᠡᠬᠡᠪᠡᠷ ᠬᠤᠳᠠᠯᠳᠤᠭᠠᠴᠢᠨ ᠤᠷᠢᠵᠤ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠲᠠᠯ᠎ᠠ ᠠᠴᠠ ᠠᠵᠢᠯ ᠢᠶᠠᠨ ᠲᠤᠩᠭᠠᠨ ᠪᠣᠳᠣᠯᠬᠢᠯᠠᠵᠤ᠂ ᠪᠥᠬᠦ ᠬᠤᠰᠢᠭᠤᠨ ᠤ ᠦᠢᠯᠡᠴᠢᠯᠡᠭᠡᠨ ᠤ | ᠦᠢᠯᠡᠰ ᠤᠨ ᠡᠷᠡᠭᠦᠯ ᠢᠶᠠᠷ ᠬᠥᠭᠵᠢᠬᠦ ᠶᠢ ᠨᠠᠩ ᠰᠠᠶᠢᠨ ᠠᠬᠢᠭᠤᠯᠬᠤ ᠬᠡᠷᠡᠭᠲᠡᠢ ᠭᠡᠪᠡ᠃ | ᠱᠣᠸ ᠶᠠᠨ ᠵᠢᠶᠦ᠋ᠨ ᠱᠠᠭᠠᠷᠳᠠᠭᠰᠠᠨ ᠨᠢ᠂ ᠦᠢᠯᠡᠴᠢᠯᠡᠭᠡᠨ ᠤ ᠦᠢᠯᠡᠰ ᠢ ᠲᠣᠭᠲᠠᠭᠤᠨ ᠢᠶᠠᠷ ᠨᠡᠮᠡᠭᠳᠡᠭᠦᠯᠬᠦ᠂ | ᠪᠦᠲᠦᠴᠡ ᠶᠢ ᠲᠣᠬᠢᠷᠠᠭᠤᠯᠬᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠭᠤᠣᠯ ᠰᠢᠪᠲᠤᠯᠤᠯᠲᠠ ᠶᠢᠨ ᠴᠡᠭ | ᠪᠣᠯᠭᠠᠵᠤ᠂ ᠡᠯ᠎ᠡ ᠵᠦᠢᠯ ᠤᠨ ᠡᠭᠦᠷᠭᠡ ᠬᠠᠷᠠᠯᠲᠠ ᠶᠢ ᠰᠠᠶᠢᠲᠤᠷ ᠨᠠᠶᠢᠳᠠᠪᠤᠷᠢᠵᠢᠭᠤᠯᠤᠨ᠂ ᠠᠷᠠᠯᠵᠢᠶ᠎ᠠ | ᠬᠤᠳᠠᠯᠳᠤᠭᠠᠨ ᠤ ᠦᠢᠯᠡᠴᠢᠯᠡᠭᠡᠨ ᠤ ᠦᠢᠯᠡᠰ᠂ ᠰᠣᠶᠣᠯ ᠵᠢᠭᠤᠯᠴᠢᠯᠠᠯ ᠤᠨ ᠦᠢᠯᠡᠰ᠂ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠵᠡᠷᠭᠡ ᠬᠦᠷᠢᠶᠡᠨ ᠠᠴᠠ ᠬᠠᠮᠵᠢᠯᠴᠠᠨ | ᠬᠥᠭᠵᠢᠭᠦᠯᠵᠦ᠂ ᠰᠡᠳᠬᠢᠮᠵᠢ ᠪᠠᠨ ᠴᠢᠯᠦᠭᠡᠲᠡᠢ ᠪᠣᠯᠭᠠᠨ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠳᠣᠲᠠᠭᠲᠠᠯ ᠢ ᠲᠦᠷᠭᠡᠨ ᠨᠥᠬᠦᠪᠦᠷᠢᠯᠡᠵᠦ᠂ ᠪᠥᠬᠦ ᠬᠤᠰᠢᠭᠤᠨ ᠤ | ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠰᠢᠪᠲᠤᠯᠤᠯᠲᠠ ᠭᠠᠷᠭᠠᠬᠤ ᠶᠢ ᠠᠬᠢᠭᠤᠯᠵᠤ᠂ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠴᠢᠩᠭ᠎ᠠ | ᠪᠣᠳᠠᠲᠠᠶᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠮᠲᠤᠷᠠᠨ | ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠴᠢᠨᠠᠷ | ᠰᠠᠶᠢᠲᠠᠢ ᠥᠨᠳᠥᠷ ᠪᠦᠲᠦᠮᠵᠢᠲᠡᠶ ᠦᠢᠯᠡᠴᠢᠯᠡᠭᠡᠨ ᠤ ᠦᠢᠯᠡᠰ ᠤᠨ ᠰᠢᠨ᠎ᠡ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ | ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ | ᠬᠦᠴᠦᠨ ᠢ ᠨᠢᠭᠲᠠᠷᠠᠭᠤᠯᠬᠤ ᠬᠡᠷᠡᠭᠲᠡᠢ᠃ ᠲᠦᠷᠦᠯ ᠵᠦᠢᠯ ᠢ ᠲᠥᠯᠥᠪᠵᠢᠭᠦᠯᠵᠦ ᠪᠦᠲᠦᠭᠡᠨ ᠪᠠᠶᠢᠭᠤᠯᠬᠤ ᠶᠢ | ᠭᠤᠶᠢᠪᠢᠰᠢ ᠦᠭᠡᠢ ᠰᠠᠶᠢᠲᠤᠷ ᠠᠳᠬᠤᠵᠤ᠂ ᠨᠡᠮᠡᠭᠳᠡᠯ ᠤᠨ ᠬᠡᠮᠵᠢᠶ᠎ᠡ ᠶᠢ ᠥᠷᠭᠡᠳᠬᠡᠬᠦ᠂ ᠬᠠᠳᠠᠭᠠᠯᠠᠯᠲᠠ ᠶᠢᠨ | ᠬᠡᠮᠵᠢᠶ᠎ᠡ ᠶᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠵᠤ᠂ ᠴᠢᠬᠤᠯᠠ ᠶᠡᠭᠡ ᠦᠢᠯᠡᠴᠢᠯᠡᠭᠡᠨ ᠤ | ᠦᠢᠯᠡᠰ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠠᠰᠢᠭ ᠢ | ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠪᠡ᠃ | | | | | |