| ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶ᠎ᠡ ᠴᠠᠷ᠎ᠠ ᠳᠠᠬᠢ ᠢᠯᠡ ᠲᠣᠳᠣ ᠶᠢᠨ ᠬᠡᠮᠵᠢᠶ᠎ᠡ | ᠪᠠ ᠠᠯᠪᠠᠨ ᠤ ᠢᠲᠡᠭᠡᠯ ᠬᠦᠨᠲᠦ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 15 ᠤ | ᠡᠳᠦᠷ᠂ ᠲᠦᠩᠯᠢᠶᠣᠣ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠵᠠᠷᠤᠳ | ᠬᠤᠰᠢᠭᠤᠨ ᠤ ᠬᠤᠪᠢᠶᠠᠷᠢ ᠲᠥᠪ ᠤᠨ ᠬᠢᠨ ︽ ᠰᠦᠯᠵᠢᠶᠡᠨ ᠳᠡᠭᠡᠷ᠎ᠡ ᠠᠷᠠᠯᠵᠢᠶᠠᠯᠠᠬᠤ︾ ᠭᠤᠣᠯ ᠰᠡᠳᠦᠪ ᠢᠶᠠᠷ | 2024 ᠣᠨ ᠤ ᠠᠩᠬᠠᠨ ᠤ ︽ᠠᠷᠠᠯᠵᠢᠶᠠᠨ ᠤ ᠨᠡᠭᠡᠭᠡᠯᠲᠡ ᠶᠢᠨ ᠡᠳᠦᠷ︾ ᠢ ᠠᠮᠵᠢᠯᠲᠠ ᠲᠠᠢ ᠡᠷᠭᠢᠯᠡᠪᠡ᠃ | ᠲᠥᠪ ᠠᠴᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠨ᠂ ᠵᠠᠭᠤᠴᠢᠯᠠᠭᠤᠷ ᠤᠨ ᠰᠤᠷᠪᠤᠯᠵᠢᠯᠠᠭᠴᠢ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠨᠥᠬᠦᠳ ᠵᠢᠴᠢ ᠨᠡᠶᠢᠭᠡᠮ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ ᠵᠡᠷᠭᠡ 10 ᠭᠠᠷᠤᠢ | ᠬᠦᠮᠦᠰ ᠢ ᠣᠨᠴᠠᠭᠠᠶᠢᠯᠠᠨ ᠤᠷᠢᠵᠤ ᠨᠡᠭᠡᠭᠡᠯᠲᠡᠲᠤ ᠡᠳᠦᠷ ᠤᠨ ᠠᠵᠢᠯᠯᠠᠭ᠎ᠠ ᠳᠤ ᠣᠷᠣᠯᠴᠠᠭᠤᠯᠪᠠ᠃ ᠲᠥᠪ ᠤᠨ | ᠠᠵᠢᠯᠲᠠᠨ ᠤ ᠵᠢᠯᠣᠭᠤᠳᠤᠯᠭ᠎ᠠ ᠳᠣᠣᠷ᠎ᠠ᠂ ᠲᠥᠯᠥᠭᠡᠯᠡᠭᠴᠢᠳ ᠤᠷᠢᠳ ᠬᠤᠵᠢᠳ ᠲᠥᠪ ᠤᠨ ᠳᠠᠭᠠᠭᠠᠴᠢᠯᠠᠯᠲᠠ | ᠨᠡᠶᠢᠲᠡᠯᠡᠬᠦ ᠳᠠᠭᠠᠭᠠᠴᠢᠯᠠᠯᠲᠠ ᠦᠨᠡᠯᠡᠬᠦ ᠲᠠᠰᠤᠭ᠂ ᠲᠤᠰᠬᠠᠢ ᠮᠡᠷᠭᠡᠵᠢᠯᠲᠡᠨ ᠰᠣᠩᠭᠤᠨ ᠠᠪᠬᠤ ᠲᠠᠰᠤᠭ᠂ | ᠭᠡᠷᠡᠴᠢᠯᠡᠯ ᠤᠨ ᠬᠢᠨᠠᠯᠲᠠ ᠲᠠᠯᠪᠢᠬᠤ ᠲᠠᠰᠤᠭ ᠵᠡᠷᠭᠡ ᠴᠢᠳᠠᠮᠵᠢᠲᠤ ᠣᠷᠣᠨ ᠢᠶᠠᠷ ᠲᠣᠭᠤᠷᠢᠨ ᠦᠵᠡᠪᠡ︔ ᠠᠬᠤᠢ | ᠲᠠᠯᠠᠪᠠᠶ ᠳᠤ ᠵᠠᠷᠤᠳ ᠬᠤᠰᠢᠭᠤᠨ ᠤ ᠬᠡᠦᠬᠡᠳ ᠰᠠᠭᠠᠲᠠᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ | ᠪᠠᠶᠢᠭᠤᠯᠤᠯᠲᠠ ᠶᠢᠨ ᠲᠥᠷᠥᠯ ᠵᠦᠢᠯ ᠤᠨ EPC ᠶᠢᠨ ᠶᠡᠷᠦᠩᠬᠡᠢ ᠳᠠᠭᠠᠭᠠᠴᠢᠯᠠᠯᠲᠠ ︵ᠬᠤᠶᠠᠳᠠᠭᠢ ᠤᠳᠠᠭ᠎ᠠ︶ ᠶᠢᠨ | ᠳᠠᠭᠠᠭᠠᠴᠢᠯᠠᠯᠲᠠ ᠰᠢᠯᠭᠠᠷᠠᠭᠤᠯᠬᠤ᠂ ᠲᠤᠰᠬᠠᠢ ᠮᠡᠷᠭᠡᠵᠢᠯᠲᠡᠨ ᠰᠣᠩᠭᠤᠨ ᠠᠪᠬᠤ ᠪᠠ ᠲᠣᠭᠠᠴᠢᠯᠠᠭᠰᠠᠨ | ᠮᠡᠷᠭᠡᠵᠢᠯ ᠢᠶᠠᠷ ᠭᠡᠷᠡᠴᠢᠯᠡᠯ ᠬᠢᠬᠦ ᠵᠡᠷᠭᠡ ᠠᠷᠠᠯᠵᠢᠶᠠᠨ ᠤ ᠪᠥᠬᠦ ᠶᠠᠪᠤᠴᠠ ᠶᠢ ᠲᠣᠭᠤᠷᠢᠨ ᠦᠵᠡᠪᠡ᠃ ᠡᠭᠦᠨ ᠠᠴᠠ | ᠭᠠᠳᠠᠨ᠎ᠠ ᠲᠥᠪ ᠤᠨ ᠠᠵᠢᠯᠲᠠᠨ ᠲᠣᠰ ᠲᠣᠰ ᠭᠡᠷᠡᠴᠢᠯᠡᠬᠦ ᠬᠢᠨᠠᠬᠤ ᠶᠢᠨ ᠳᠦᠷᠢᠮᠵᠢᠯᠲᠦ ᠴᠢᠨᠠᠷ᠂ ᠲᠤᠰᠬᠠᠢ | ᠮᠡᠷᠭᠡᠵᠢᠯᠲᠡᠨ ᠢ ᠪᠢᠲᠡᠭᠦᠮᠵᠢᠯᠡᠭᠰᠡᠨ ᠮᠠᠶ᠋ᠢᠭ ᠢᠶᠠᠷ ᠰᠣᠩᠭᠤᠨ ᠠᠪᠬᠤ ᠶᠢᠨ ᠴᠢᠬᠤᠯᠠ ᠴᠢᠨᠠᠷ᠂ ᠲᠤᠰᠬᠠᠢ | ᠮᠡᠷᠭᠡᠵᠢᠯᠲᠡᠨ ᠤ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠴᠢᠨᠠᠷ ᠢ ᠬᠡᠷᠬᠢᠨ ᠪᠡᠶᠡᠯᠡᠭᠦᠯᠬᠦ ᠵᠡᠷᠭᠡ ᠲᠠᠯ᠎ᠠ ᠪᠠᠷ | ᠨᠠᠷᠢᠨ ᠲᠠᠶᠢᠯᠪᠤᠷᠢᠯᠠᠯᠲᠠ ᠬᠢᠭᠰᠡᠨ ᠪᠠᠶᠢᠨ᠎ᠠ᠃ ᠡᠨᠡ ᠨᠢ ᠲᠣᠭᠤᠷᠢᠨ ᠦᠵᠡᠭᠴᠢᠳ ᠲᠤ ᠲᠥᠪ ᠤᠨ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠡᠮᠬᠢᠯᠡᠨ ᠨᠡᠶᠢᠯᠡᠭᠦᠯᠵᠦ ᠬᠠᠮᠲᠤ ᠪᠠᠷ ᠡᠳ᠋ᠯᠡᠬᠦ ᠶᠢ | ᠭᠦᠨᠵᠡᠭᠡᠶᠢᠷᠡᠭᠦᠯᠬᠦ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠬᠢ ᠦᠷ᠎ᠡ | ᠪᠦᠲᠦᠭᠡᠯ ᠢ ᠪᠥᠬᠦ ᠲᠠᠯ᠎ᠠ ᠪᠠᠷ ᠣᠶᠢᠯᠠᠭᠠᠭᠤᠯᠤᠭᠰᠠᠨ ᠪᠠᠶᠢᠨ᠎ᠠ᠃ ᠲᠣᠭᠤᠷᠢᠨ ᠦᠵᠡᠭᠰᠡᠨ ᠤ ᠲᠠᠷᠠᠭ᠎ᠠ᠂ ᠲᠥᠪ ᠤᠨ | ᠠᠵᠢᠯᠲᠠᠳ ᠡᠯ᠎ᠡ ᠡᠲᠡᠭᠡᠳ ᠤᠨ ᠲᠥᠯᠥᠭᠡᠯᠡᠭᠴᠢᠳ ᠲᠠᠢ ᠰᠠᠭᠤᠳᠠᠯ ᠤᠨ ᠬᠤᠷᠠᠯ ᠤᠨ ᠬᠡᠯᠪᠡᠷᠢ ᠪᠠᠷ ᠲᠥᠪ ᠤᠨ | ᠦᠨᠳᠦᠰᠦᠨ ᠪᠠᠶᠢᠳᠠᠯ ᠪᠣᠯᠣᠨ ᠣᠶᠢᠷ᠎ᠠ ᠶᠢᠨ ᠬᠤᠭᠤᠴᠠᠭᠠᠨ ᠤ ᠠᠵᠢᠯ ᠤᠨ ᠪᠠᠶᠢᠳᠠᠯ ᠤᠨ ᠲᠤᠬᠠᠢ ᠰᠠᠨᠠᠯ ᠢᠶᠠᠨ | ᠰᠣᠯᠢᠯᠴᠠᠪᠠ᠃ | ᠲᠣᠰ ᠤᠳᠠᠭᠠᠨ ᠤ ︽ᠠᠷᠠᠯᠵᠢᠶᠠᠨ ᠤ ᠨᠡᠭᠡᠭᠡᠯᠲᠡ ᠶᠢᠨ ᠡᠳᠦᠷ︾ ᠤᠨ ᠠᠵᠢᠯᠯᠠᠭ᠎ᠠ ᠪᠣᠯ ᠭᠤᠣᠯ ᠪᠣᠯᠬᠤ | ᠠᠷᠠᠯᠵᠢᠶᠠᠨ ᠤ ᠶᠠᠪᠤᠴᠠ ᠶᠢ ᠵᠢᠷᠤᠮᠵᠢᠭᠤᠯᠬᠤ᠂ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠡᠷᠭᠡ | ᠲᠠᠯ᠎ᠠ ᠶᠢᠨ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠨᠡᠶᠢᠭᠡᠮ ᠤᠨ ᠬᠢᠨ ᠤ ᠵᠠᠷᠤᠳ ᠬᠤᠰᠢᠭᠤᠨ ᠤ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯ ᠤᠨ ᠲᠤᠬᠠᠢ ᠢᠲᠡᠭᠡᠯ ᠪᠠ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠦᠭᠰᠡᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠮᠠᠨ ᠤ ᠲᠥᠪ ᠠᠵᠢᠯᠯᠠᠬᠤ ᠠᠷᠭ᠎ᠠ ᠶᠢᠨ ᠰᠢᠨ᠎ᠡ ᠶᠢ ᠡᠭᠦᠳᠬᠦ ᠶᠢ ᠣᠯᠠᠮ ᠨᠢᠭᠡ | ᠠᠯᠬᠤᠮ ᠴᠢᠩᠭᠠᠷᠠᠭᠤᠯᠵᠤ᠂ ᠠᠵᠢᠯ ᠤᠨ ᠰᠡᠳᠬᠢᠴᠡ ᠪᠠᠨ ᠥᠷᠭᠡᠳᠬᠡᠨ᠂ ᠦᠢᠯᠡᠴᠢᠯᠡᠭᠡᠨ ᠤ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠢᠯᠡ ᠲᠤᠳᠣ᠂ | ᠡᠷᠬᠡ ᠲᠡᠭᠰᠢ᠂ ᠲᠥᠪ ᠭᠤᠥᠯᠴᠢ᠂ ᠥᠨᠳᠥᠷ ᠪᠦᠲᠦᠮᠵᠢᠲᠡᠶ᠂ ᠵᠢᠷᠤᠮᠵᠢᠯ ᠲᠠᠢ᠂ ᠠᠷᠢᠭᠤᠨ ᠴᠢᠬᠡᠴᠢ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠣᠷᠴᠢᠨ ᠲᠣᠭᠤᠷᠢᠨ ᠢ ᠪᠣᠶ ᠪᠣᠯᠭᠠᠨ᠎ᠠ᠃ | |