| ᠡᠨᠡ ᠵᠢᠯ ᠠᠴᠠ ᠨᠠᠰᠢ᠂ ᠵᠠᠷᠤᠳ ᠬᠤᠰᠢᠭᠤ ᠡᠬᠢ ᠪᠠᠶᠠᠯᠢᠭ ᠤᠨ ᠳᠠᠪᠠᠭᠤᠯᠢᠭ ᠲᠤ ᠪᠠᠨ ᠠᠩᠬᠠᠷᠤᠯ ᠢᠶᠠᠨ | ᠲᠥᠪᠯᠡᠷᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠡᠮᠵᠢᠶ᠎ᠡ ᠶᠢ | ᠥᠷᠭᠡᠳᠬᠡᠬᠦ ᠶᠢ ᠠᠬᠢᠭᠤᠯᠵᠤ᠂ ᠠᠵᠤ ᠦᠢᠯᠡᠳᠪᠦᠷᠢ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠶᠡᠬᠡᠪᠡᠷ | ᠬᠡᠷᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ᠂ ᠠᠵᠤ ᠦᠢᠯᠡᠰ ᠤᠨ ᠰᠠᠭᠤᠷᠢ ᠶᠢᠨ ᠳᠡᠭᠡᠳᠦ | ᠳᠡᠰᠴᠢᠯᠡᠭᠰᠡᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ | ᠲᠦᠷᠭᠡᠳᠬᠡᠨ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ︽ ᠬᠦᠴᠦᠷᠬᠡᠭ ᠲᠤᠯᠭᠠᠭᠤᠷᠢ︾ ᠶᠢ | ᠬᠦᠴᠦᠯᠡᠨ ᠪᠣᠰᠬᠠᠪᠠ᠃ | ᠳᠤᠮᠳᠠᠳᠤ ᠤᠯᠤᠰ ᠤᠨ ᠬᠢᠮᠢ ︵ᠥᠪᠥᠷ ᠮᠣᠩᠭᠤᠯ︶ ᠶᠢᠨ ᠰᠢᠨ᠎ᠡ ᠮᠠᠲ᠋ᠧᠷᠢᠶᠠᠯ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠦᠢᠯᠡᠳᠪᠦᠷᠢ ᠶᠢᠨ ᠲᠣᠭᠤᠷᠢᠭ ᠲᠤ ᠣᠷᠣᠬᠤ ᠳᠤ᠂ ᠠᠵᠢᠯᠲᠠᠳ ᠡᠵᠡᠮᠳᠡᠯ ᠤᠨ | ᠲᠥᠪ ᠤᠨ ᠠᠵᠢᠯᠯᠠᠭᠠᠨ ᠤ ᠭᠡᠷ ᠳᠣᠲᠣᠷᠠᠬᠢ ᠲᠤᠭ᠎ᠠ ᠬᠡᠮᠵᠢᠭᠳᠡᠯ ᠤᠨ ᠬᠤᠪᠢᠷᠠᠯᠲᠠ ᠶᠢᠨ ᠲᠣᠮᠣ ᠳᠡᠯᠭᠡᠴᠡ ᠶᠢ ᠴᠢᠩᠭ᠎ᠠ | ᠠᠵᠢᠭᠯᠠᠵᠤ᠂ ᠠᠰᠢᠭᠯᠠᠯᠲᠠ ᠳᠤ ᠣᠷᠣᠬᠤ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠢ ᠪᠠᠴᠢᠮ ᠶᠠᠭᠠᠷᠠᠯᠲᠠᠢ | ᠬᠢᠵᠦ᠂ ᠦᠢᠯᠡᠳᠪᠦᠷᠢ ᠶᠢᠨ ᠲᠣᠭᠤᠷᠢᠭ ᠤᠨ ᠡᠯ᠎ᠡ ᠭᠤᠭᠴᠤᠭ᠎ᠠ ᠶᠢᠨ ᠬᠡᠪ ᠤᠨ ᠠᠵᠢᠯᠯᠠᠭ᠎ᠠ ᠶᠢ ᠪᠠᠲᠣᠯᠠᠪᠠ᠃ | ᠳᠤᠮᠳᠠᠳᠤ ᠤᠯᠤᠰ ᠤᠨ ᠬᠢᠮᠢ ︵ᠥᠪᠥᠷ ᠮᠣᠩᠭᠤᠯ︶ ᠶᠢᠨ ᠰᠢᠨ᠎ᠡ ᠮᠠᠲ᠋ᠧᠷᠢᠶᠠᠯ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠤᠤᠯ ᠨᠡᠷ᠎ᠡ ᠨᠢ ᠥᠪᠥᠷ ᠮᠣᠩᠭᠤᠯ ᠤᠨ ᠺᠠᠩ ᠨᠠᠢ ᠡᠯ ᠬᠢᠮᠢ ᠶᠢᠨ ᠠᠵᠤ | ᠦᠢᠯᠡᠳᠪᠦᠷᠢ ᠶᠢᠨ ᠬᠢᠵᠠᠭᠠᠷᠲᠤ ᠺᠣᠮᠫᠠᠨᠢ ᠪᠤᠢ᠃ ᠺᠣᠮᠫᠠᠨᠢ 2010 ᠣᠨ ᠤ 11 ᠰᠠᠷ᠎ᠠ ᠶᠢᠨ 12 ᠤᠨ ᠡᠳᠦᠷ | ᠪᠠᠶᠢᠭᠤᠯᠤᠭᠳᠠᠵᠤ᠂ 2023 ᠣᠨ ᠤ 5 ᠰᠠᠷ᠎ᠠ ᠶᠢᠨ 25 ᠤ ᠡᠳᠦᠷ ᠺᠣᠮᠫᠠᠨᠢ ᠶᠢᠨ ᠬᠤᠪᠢ ᠣᠷᠣᠭᠤᠯᠤᠭᠴᠢ ᠶᠢ | ᠵᠢᠩᠬᠢᠨᠢ ᠪᠠᠷ ᠳ᠋ᠦᠩ ᠬᠤᠸᠠ ᠢᠨᠵᠧᠨᠧᠷᠢᠩ ᠤᠨ ᠰᠢᠨᠵᠢᠯᠡᠭᠡ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ | ᠺᠣᠮᠫᠠᠨᠢ ᠪᠠ ᠱᠠᠨᠰᠢ ᠶᠢᠨ ᠨᠡᠭᠦᠷᠡᠰᠦᠨ ᠤ ᠪᠦᠯᠦᠭᠯᠡᠯ ᠤᠨ ᠢᠦᠢ ᠯᠢᠨ ᠬᠢᠮᠢ ᠶᠢᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠪᠣᠯᠭᠠᠨ ᠬᠤᠪᠢᠷᠠᠭᠤᠯᠵᠤ᠂ 2023 ᠣᠨ ᠤ 7 ᠰᠠᠷ᠎ᠠ ᠶᠢᠨ 8 ᠤ ᠡᠳᠦᠷ ᠺᠣᠮᠫᠠᠨᠢ ᠶᠢᠨ ᠨᠡᠷᠡᠶᠢᠳᠦᠯ ᠢ | ᠵᠢᠩᠬᠢᠨᠢ ᠪᠠᠷ ᠳᠤᠮᠳᠠᠳᠤ ᠤᠯᠤᠰ ᠤᠨ ᠬᠢᠮᠢ ︵ᠥᠪᠥᠷ ᠮᠣᠩᠭᠤᠯ︶ ᠶᠢᠨ ᠰᠢᠨ᠎ᠡ ᠮᠠᠲ᠋ᠧᠷᠢᠶᠠᠯ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠪᠣᠯᠭᠠᠨ ᠬᠤᠪᠢᠷᠠᠭᠤᠯᠪᠠ᠃ ᠲᠣᠰ ᠺᠣᠮᠫᠠᠨᠢ ᠶᠢᠨ ᠲᠠᠯᠠᠪᠠᠶ ᠨᠢ 1183 ᠮᠦ ᠪᠠᠶᠢᠵᠤ᠂ | ᠲᠥᠷᠥᠯ ᠵᠦᠢᠯ ᠳᠤ ᠣᠣᠯ ᠨᠢ 58.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ | ᠪᠠᠶᠢᠵᠠᠢ᠂ ᠲᠥᠷᠥᠯ ᠵᠦᠢᠯ ᠢ ᠪᠠᠶᠢᠭᠤᠯᠬᠤ ᠪᠠᠨ ᠵᠣᠭᠰᠣᠬᠤ ᠦᠶ᠎ᠡ ᠳᠤ ᠨᠢᠭᠡᠨᠲᠡ 46 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠵᠤ᠂ 2023 ᠣᠨ ᠳᠤ ᠠᠵᠢᠯ ᠢᠶᠠᠨ ᠰᠡᠷᠭᠦᠭᠡᠭᠰᠡᠨ ᠤ ᠳᠠᠷᠠᠭ᠎ᠠ ᠰᠢᠨ᠎ᠡ ᠪᠠᠷ 18.25 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠨᠡᠮᠡᠭᠳᠡᠭᠦᠯᠵᠦ᠂ ᠨᠡᠶᠢᠲᠡ 64.25 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ 30 ᠲᠦᠮᠡᠨ ᠲᠣᠨ/ ᠵᠢᠯ ᠤᠨ ᠡᠲ᠋ᠢᠯ ᠬᠤᠶᠠᠷᠴᠢ | ᠠᠯᠺᠣᠣᠯ ᠤᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠵᠢᠱᠢᠯᠲᠡ ᠪᠠᠷ ᠵᠢᠯ ᠤᠨ | ᠦᠢᠯᠡᠳᠬᠦᠨ ᠤ ᠥᠷᠲᠡᠭ 15 ᠳ᠋ᠦᠩᠰᠢᠭᠤᠷ ᠲᠥᠭᠦᠷᠢᠭ ᠢ ᠳᠠᠪᠠᠵᠤ᠂ 3 ᠳ᠋ᠦᠩᠰᠢᠭᠤᠷ ᠲᠥᠭᠦᠷᠢᠭ ᠤᠨ | ᠭᠠᠶᠢᠯᠢ ᠶᠢᠨ ᠣᠷᠣᠯᠭ᠎ᠠ ᠶᠢ ᠪᠡᠶᠡᠯᠡᠭᠦᠯᠵᠦ᠂ 2000 ᠭᠠᠷᠤᠢ ᠠᠵᠢᠯ ᠤᠨ ᠪᠠᠶᠢᠷᠢ ᠶᠢ ᠰᠢᠭᠤᠳ ᠪᠤᠶᠤ ᠳᠠᠮ ᠢᠶᠠᠷ | ᠬᠠᠩᠭᠠᠨ᠎ᠠ᠃ | ᠳᠤᠮᠳᠠᠳᠤ ᠤᠯᠤᠰ ᠤᠨ ᠬᠢᠮᠢ ᠶᠢᠨ ︵ᠥᠪᠥᠷ ᠮᠣᠩᠭᠤᠯ︶ ᠰᠢᠨ᠎ᠡ ᠮᠠᠲ᠋ᠧᠷᠢᠶᠠᠯ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠠᠩ ᠴᠢᠩ ᠲᠠᠨᠢᠯᠴᠠᠭᠤᠯᠬᠤ ᠳᠠᠭᠠᠨ᠂ ︽ᠣᠳᠣᠬᠠᠨ ᠳᠤ | ᠪᠠᠷᠢᠯᠭ᠎ᠠ ᠶᠢᠨ ᠵᠦᠢᠯᠡᠰ ᠢ ᠪᠦᠬᠦᠨ ᠢᠶᠠᠷ ᠨᠢ ᠪᠠᠷᠢᠵᠤ ᠳᠠᠭᠤᠰᠬᠠᠭᠠᠳ᠂ 79 ᠭᠤᠣᠯ ᠵᠦᠢᠯᠡᠰ ᠢ ᠴᠥᠮ | ᠳᠠᠭᠤᠰᠬᠠᠭᠠᠳ᠂ ᠡᠯ᠎ᠡ ᠰᠢᠰᠲ᠋ᠧᠮ ᠤᠨ ᠬᠢᠨ ᠤ ᠦᠯᠢᠶᠡᠵᠦ ᠱᠦᠭᠦᠷᠳᠡᠬᠦ ᠪᠠ ᠬᠡᠢ ᠪᠢᠲᠡᠭᠦᠮᠵᠢᠯᠡᠬᠦ ᠠᠵᠢᠯ ᠢ | ᠨᠢᠭᠡᠨᠲᠡ ᠬᠢᠵᠦ ᠳᠠᠭᠤᠰᠬᠠᠭᠠᠳ᠂ ᠬᠥᠳᠡᠯᠭᠡᠬᠦ ᠲᠥᠬᠦᠭᠡᠷᠦᠮᠵᠢ ᠶᠢᠨ ᠳᠠᠩ ᠮᠠᠰᠢᠨ ᠤ ᠲᠤᠷᠰᠢᠯᠲᠠ ᠶᠢᠨ ᠠᠵᠢᠯ ᠢ | ᠪᠦᠬᠦᠨ ᠢᠶᠠᠷ ᠨᠢ ᠬᠢᠵᠦ ᠳᠠᠭᠤᠰᠬᠠᠭᠠᠳ᠂ ᠪᠤᠶ ᠪᠦᠬᠦᠢ ᠰᠢᠰᠲ᠋ᠧᠮ ᠤᠨ ᠬᠢᠨ ᠣᠳᠣ ᠶᠠᠭ ᠬᠠᠮᠲᠤᠷᠠᠨ ᠲᠤᠷᠰᠢᠵᠤ | ᠪᠠᠶᠢᠨ᠎ᠠ᠂ ᠵᠢᠱᠢᠯᠲᠡ ᠪᠠᠷ ᠲᠥᠷᠦᠯ ᠵᠦᠢᠯ ᠨᠢ 6 ᠰᠠᠷ᠎ᠠ ᠶᠢᠨ ᠳᠤᠮᠳᠠᠴᠢ ᠪᠠᠷ ᠮᠠᠲ᠋ᠧᠷᠢᠶᠠᠯ ᠣᠷᠣᠭᠤᠯᠤᠨ ᠲᠤᠷᠰᠢᠵᠤ | ᠪᠣᠯᠣᠨ᠎ᠠ᠂ 6 ᠰᠠᠷ᠎ᠠ ᠶᠢᠨ ᠡᠴᠦᠰ ᠲᠤ ᠬᠢᠷᠢ ᠲᠡᠩᠴᠡᠭᠰᠡᠨ ᠦᠢᠯᠡᠳᠬᠦᠨ ᠢ ᠦᠢᠯᠡᠳᠪᠦᠷᠢᠯᠡᠵᠦ ᠭᠠᠷᠭᠠᠨ᠎ᠠ︾ ᠭᠡᠪᠡ | ᠃ | ᠣᠶᠢᠷ᠎ᠠ ᠶᠢᠨ ᠵᠢᠯ ᠳᠤ᠂ ᠵᠠᠷᠤᠳ ᠬᠤᠰᠢᠭᠤ ᠠᠵᠤ ᠠᠬᠤᠢ ᠶᠢᠨ ᠬᠥᠭᠵᠢᠯᠲᠡ ᠶᠢᠨ ᠬᠦᠴᠦᠯᠡᠬᠦ ᠴᠡᠭ ᠢᠶᠠᠨ | ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠰᠢᠨ᠎ᠡ ᠬᠡᠯᠪᠡᠷᠢ ᠶᠢᠨ ᠠᠵᠤ | ᠦᠢᠯᠡᠳᠪᠦᠷᠢᠵᠢᠯᠲᠡ ᠶᠢ ᠦᠷᠭᠦᠯᠵᠢᠯᠡᠨ ᠲᠦᠷᠭᠡᠳᠬᠡᠨ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠪᠠᠶᠢᠭᠤᠯᠤᠨ᠂ ᠦᠢᠯᠡᠳᠬᠦ ᠦᠢᠯᠡᠰ ᠤᠨ ᠭᠤᠣᠯᠯᠠᠬᠤ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠯᠠᠪᠳᠠᠭᠤᠨ ᠲᠣᠭᠲᠠᠭᠤᠨ ᠢᠶᠠᠷ ᠤᠷᠤᠭᠰᠢᠯᠠᠬᠤ ᠶᠢ | ᠢᠳᠡᠪᠬᠢᠲᠡᠢ ᠠᠬᠢᠭᠤᠯᠵᠤ᠂ ᠨᠢᠭᠡᠳᠦᠭᠡᠷ ᠤᠯᠠᠷᠢᠯ ᠳᠤ ᠪᠥᠬᠦ ᠬᠤᠰᠢᠭᠤᠨ ᠤ ᠪᠥᠬᠦ ᠠᠵᠤ ᠦᠢᠯᠡᠳᠪᠦᠷᠢ ᠶᠢᠨ | ᠦᠢᠯᠡᠳᠬᠦᠨ ᠤ ᠶᠡᠷᠦᠩᠬᠡᠢ ᠥᠷᠲᠡᠭ 58.1 ᠳ᠋ᠦᠩᠰᠢᠭᠤᠷ ᠲᠥᠭᠦᠷᠢᠭ ᠲᠤ ᠬᠦᠷᠪᠡ᠂ ᠡᠭᠦᠨ ᠳᠤ᠂ | ᠬᠡᠪᠴᠢᠶ᠎ᠡ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ 42.1 ᠳ᠋ᠦᠩᠰᠢᠭᠤᠷ | ᠲᠥᠭᠦᠷᠢᠭ ᠲᠤ ᠬᠦᠷᠪᠡ᠃ | | | |