ᠵᠠᠷᠤᠳ ᠬᠤᠰᠢᠭᠤ ᠪᠤᠯᠤᠨ ᠱᠦᠢ ᠹᠠ ᠪᠦᠯᠦᠭᠯᠡᠯ ᠤᠨ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2024/5/23
   5 ᠰᠠᠷ᠎ᠠ ᠶᠢᠨ 22 ᠤᠨ ᠡᠳᠦᠷ᠂ ᠵᠠᠷᠤᠳ ᠬᠤᠰᠢᠭᠤ ᠪᠣᠯᠤᠨ ᠱᠦᠶ ᠹᠠ ᠪᠦᠯᠦᠭᠯᠡᠯ ᠤᠨ ᠰᠠᠭᠤᠳᠠᠯ ᠤᠨ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠲᠣᠰ ᠪᠡᠶ᠎ᠡ ᠶᠢᠨ ᠬᠥᠭᠵᠢᠯᠲᠡ ᠶᠢᠨ ᠪᠠᠶᠢᠳᠠᠯ ᠲᠠᠢ ᠪᠠᠨ ᠤᠶᠠᠯᠳᠤᠭᠤᠯᠤᠨ᠂ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠶ ᠰᠣᠯᠢᠯᠴᠠᠪᠠ᠃ ᠬᠤᠰᠢᠭᠤᠨ ᠤ ᠤᠳᠤᠷᠢᠳᠤᠯᠭ᠎ᠠ ᠱᠤᠤ ᠶᠠᠨ ᠵᠢᠶᠦ᠋ᠨ᠂ ᠪᠤᠤ ᠸᠧᠨ ᠯᠠᠨ᠂ ᠢᠦᠢ ᠬᠠᠢ ᠪᠦᠦ᠂ ᠼᠦᠢ ᠯᠸᠢ ᠯᠸᠢ᠂ ᠵᠠᠩ ᠯᠢ ᠭᠦᠸᠧ ᠪᠣᠯᠤᠨ ᠱᠦᠢ ᠹᠠ ᠪᠦᠯᠦᠭᠯᠡᠯ ᠤᠨ ᠳᠡᠳ᠋ ᠶᠡᠷᠦᠩᠬᠡᠢ ᠳᠠᠭᠠᠭᠠᠮᠠᠯ ᠶᠠᠩ ᠪᠢᠨ ᠬᠤᠷᠠᠯ ᠳᠤ ᠣᠷᠣᠯᠴᠠᠪᠠ︔ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠬᠤᠰᠢᠭᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    
微信图片_20240523112201.jpg
    ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ ᠱᠦᠢ ᠹᠠ ᠪᠦᠯᠦᠭᠯᠡᠯ ᠤᠨ ᠵᠠᠷᠤᠳ ᠬᠤᠰᠢᠭᠤᠨ ᠳᠤ ᠬᠦᠷᠴᠤ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ᠂ ᠵᠠᠷᠤᠳ ᠬᠤᠰᠢᠭᠤ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠶ᠂ ᠡᠬᠢ ᠪᠠᠶᠠᠯᠢᠭ ᠡᠨᠧᠷᠭᠢ ᠡᠯᠪᠡᠭ᠂ ᠰᠠᠶᠢᠨ ᠰᠠᠶᠢᠬᠠᠨ ᠠᠵᠤ ᠤᠶᠢᠯᠡᠰ ᠤᠨ ᠰᠠᠭᠤᠷᠢ ᠲᠠᠢ ᠪᠠᠶᠢᠵᠤ᠂ ᠡᠬᠢ ᠪᠠᠶᠠᠯᠢᠭ ᠤᠨ ᠬᠦᠴᠦᠨ ᠵᠤᠶᠢᠯ ᠤᠨ ᠬᠠᠩᠭᠠᠯᠭ᠎ᠠ ᠭᠦᠢᠴᠡᠳ᠂ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠲᠡᠭᠦᠯᠳᠡᠷ᠂ ᠣᠷᠴᠢᠨ ᠲᠣᠭᠤᠷᠢᠨ ᠤ ᠳᠠᠭᠠᠭᠠᠴᠠ ᠴᠢᠩᠭ᠎ᠠ ᠵᠡᠷᠭᠡ ᠲᠣᠪᠤᠶᠢᠮ᠎ᠠ ᠳᠠᠪᠠᠭᠤᠯᠢᠭ ᠲᠠᠢ ᠶᠤᠮ ᠭᠡᠪᠡ᠃ ᠠᠵᠤ ᠠᠬᠤᠶᠢᠯᠠᠯ ᠤᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ᠂ ᠤᠰᠤᠨ ᠠᠰᠢᠭᠯᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠪᠠᠶᠢᠭᠠᠯᠢ ᠶᠢᠨ ᠰᠢᠲᠠᠮᠠᠬᠠᠢ ᠬᠡᠢ᠂ ᠰᠢᠨ᠎ᠡ ᠡᠨᠧᠷᠭᠢ ᠵᠡᠷᠭᠡ ᠬᠦᠷᠢᠶᠡᠨ ᠤ ᠲᠣᠭᠤᠷᠢᠨ ᠳᠤ ᠬᠠᠮᠲᠤᠷᠠᠯᠴᠠᠭᠠᠨ ᠤ ᠣᠷᠣᠨ ᠵᠠᠢ ᠪᠠᠨ ᠴᠢᠨᠠᠭᠰᠢᠳᠠ ᠥᠷᠭᠡᠳᠬᠡᠵᠦ᠂ ᠬᠠᠮᠲᠤᠷᠠᠯᠴᠠᠭᠠᠨ ᠤ ᠰᠠᠨᠠᠮᠵᠢ ᠲᠣᠭᠲᠠᠭᠠᠵᠤ᠂ ᠬᠠᠮᠲᠤᠷᠠᠯᠴᠠᠭᠠᠨ ᠤ ᠳᠤᠮᠳᠠ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃     
微信图片_20240523112156.jpg
微信图片_20240523112146.jpg
    ᠬᠤᠷᠠᠯ ᠳᠡᠭᠡᠷ᠎ᠡ᠂ ᠶᠠᠩ ᠪᠢᠨ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠲᠤᠬᠠᠶᠢᠯᠠᠭᠰᠠᠨ ᠠᠵᠢᠯ ᠤᠨ ᠬᠡᠪᠴᠢᠶ᠎ᠡ ᠪᠣᠯᠤᠨ ᠬᠥᠭᠵᠢᠯᠲᠡ ᠶᠢᠨ ᠳᠠᠪᠠᠭᠤᠯᠢᠭ ᠢᠶᠠᠨ ᠲᠠᠨᠢᠯᠴᠠᠭᠤᠯᠪᠠ᠃ ᠲᠡᠷᠡ᠂ ᠵᠠᠷᠤᠳ ᠬᠤᠰᠢᠭᠤ ᠲᠠᠢ ᠦᠨᠡᠨ ᠰᠡᠳᠬᠢᠯ ᠠᠴᠠ ᠪᠠᠨ ᠬᠠᠮᠲᠤᠷᠠᠯᠴᠠᠵᠤ᠂ ᠬᠠᠮᠲᠤᠷᠠᠯᠴᠠᠭᠠᠨ ᠤ ᠲᠡᠰ ᠳᠠᠪᠬᠤᠷᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠲᠠᠯ᠎ᠠ ᠶᠢᠨ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠨᠡᠶᠢᠯᠡᠯᠲᠡ ᠶᠢᠨ ᠴᠡᠭ ᠢ ᠣᠨᠣᠪᠴᠢᠲᠠᠢ ᠣᠯᠵᠤ᠂ ᠴᠢᠨᠠᠷ ᠰᠠᠶᠢᠲᠠᠢ ᠲᠦᠷᠦᠯ ᠵᠦᠢᠯ ᠤᠨ ᠲᠠᠯ᠎ᠠ ᠪᠠᠷ ᠬᠠᠮᠲᠤᠷᠠᠯᠴᠠᠭ᠎ᠠ ᠬᠢᠬᠦ ᠶᠢ ᠲᠦᠷᠭᠡᠨ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠬᠠᠮᠲᠤᠪᠠᠷ ᠬᠥᠭᠵᠢᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃  
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号