ᠱᠤᠤ ᠶᠠᠨ ᠵᠢᠶᠦ᠋ᠨ ᠰᠣᠶᠣᠯ ᠵᠢᠭᠤᠯᠴᠢᠯᠠᠯ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2024/5/23
    5 ᠰᠠᠷ᠎ᠠ ᠶᠢᠨ 22 ᠤᠨ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ ᠰᠣᠶᠣᠯ ᠵᠢᠭᠤᠯᠴᠢᠯᠠᠯ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠭᠦᠸᠧ ᠶᠠ ᠹᠧᠩ ᠵᠢᠴᠢ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    
微信图片_20240523112243.jpg
    ᠱᠤᠤ ᠶᠠᠨ ᠵᠢᠶᠦ᠋ᠨ ᠬᠠᠮᠲᠤ ᠶᠠᠪᠣᠭᠰᠠᠳ ᠲᠠᠢ ᠪᠠᠨ ᠤᠷᠢᠳ ᠬᠤᠵᠢᠳ ᠬᠦᠩ ᠤᠨ ᠰᠠᠩ ᠵᠢᠭᠤᠯᠴᠢᠯᠠᠯ ᠤᠨ ᠦᠵᠡᠮᠵᠢ ᠶᠢᠨ ᠣᠷᠣᠨ᠂ ᠯᠦᠪᠸᠢ ᠪᠠᠯᠭᠠᠰᠤᠨ ᠤ ᠪᠤᠯᠠᠭ ᠭᠠᠴᠠᠭ᠎ᠠ᠂ ᠡᠮᠦᠨ᠎ᠡ ᠪᠤᠯᠠᠭᠲᠤ ᠮᠦᠽᠧᠢ ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠪᠦᠬᠦ ᠬᠤᠰᠢᠭᠤᠨ ᠤ ᠰᠣᠶᠣᠯ ᠵᠢᠭᠤᠯᠴᠢᠯᠠᠯ ᠤᠨ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠳᠤ ᠪᠣᠳᠠᠲᠠᠢ ᠰᠠᠨᠠᠯ ᠰᠠᠨᠠᠭᠤᠯᠭ᠎ᠠ ᠲᠤᠷᠠᠳᠪᠠ᠃ 
微信图片_20240523112231.jpg
    ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠬᠢᠨ ᠪᠦᠬᠦ ᠬᠤᠳᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠣᠶᠣᠯ ᠵᠢᠭᠤᠯᠴᠢᠯᠠᠯ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠴᠢᠬᠤᠯᠠᠴᠢᠯᠠᠬᠤ ᠬᠡᠮᠵᠢᠶ᠎ᠡ ᠪᠠᠨ ᠴᠢᠨᠠᠭᠰᠢᠳᠠ ᠴᠢᠩᠭᠠᠳᠬᠠᠬᠤ ᠬᠡᠷᠡᠭᠲᠡᠢ᠃ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠪᠣᠯᠤᠨ ᠡᠵᠡᠩᠨᠡᠯᠲᠡ ᠶᠢᠨ ᠬᠡᠯᠪᠡᠷᠢ ᠪᠠᠶᠢᠳᠠᠯ  ᠳᠤ ᠣᠷᠣᠭᠤᠯᠬᠤ ᠶᠢ ᠲᠦᠷᠭᠡᠳᠬᠡᠵᠦ᠂ ᠲᠦᠷᠦᠯ ᠵᠦᠢᠯ ᠢ ᠪᠠᠶᠢᠭᠤᠯᠵᠤ ᠳᠠᠭᠤᠰᠤᠭᠰᠠᠨ ᠤ ᠳᠠᠷᠠᠭᠠᠬᠢ ᠬᠠᠮᠢᠶᠠᠷᠤᠯᠲᠠ ᠪᠣᠯᠤᠨ ᠡᠵᠡᠩᠨᠡᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ᠃ ᠬᠠᠮᠢᠶ᠎ᠠ ᠪᠦᠬᠦᠢ ᠬᠤᠷᠠᠯ ᠤᠨ ᠱᠠᠭᠠᠷᠳᠠᠯᠭ᠎ᠠ ᠶᠣᠰᠣᠭᠠᠷ᠂ ᠪᠠᠷᠢᠯᠭ᠎ᠠ ᠪᠠᠷᠢᠬᠤ ᠨᠢᠭᠡᠴᠡ ᠲᠠᠢ ᠢᠳᠡᠪᠬᠢᠲᠡᠶ ᠪᠠᠷ ᠨᠡᠪᠲᠡᠷᠡᠯᠴᠡᠨ ᠰᠣᠯᠢᠯᠴᠠᠵᠤ᠂ ᠵᠦᠢ ᠵᠣᠬᠢᠰᠲᠠᠶ ᠬᠡᠷᠡᠭᠵᠢᠭᠦᠯᠵᠦ ᠪᠣᠯᠬᠤᠶᠢᠴᠠ ᠪᠠᠷᠢᠯᠭ᠎ᠠ ᠪᠠᠷᠢᠬᠤ ᠲᠥᠰᠦᠯ ᠢ ᠰᠤᠳᠤᠯᠤᠨ ᠲᠣᠭᠲᠠᠭᠠᠬᠤ ᠬᠡᠷᠡᠭᠲᠡᠶ᠃ ᠪᠥᠬᠦ ᠬᠤᠰᠢᠭᠤᠨ ᠤ ᠰᠣᠶᠣᠯ ᠤᠨ ᠣᠨᠴᠠᠯᠢᠭ ᠪᠠ ᠲᠡᠤᠬᠡ ᠶᠢᠨ ᠠᠭᠤᠯᠬᠤᠨ ᠢ ᠳᠣᠪᠤᠶᠢᠯᠭᠠᠬᠤ ᠶᠢ ᠴᠢᠬᠤᠯᠠᠴᠢᠯᠠᠵᠤ᠂ ᠵᠢᠷᠤᠭ ᠲᠥᠯᠥᠪᠯᠡᠭᠡ ᠶᠢᠨ ᠰᠢᠨ᠎ᠡ ᠶᠢ ᠡᠭᠦᠳᠬᠦ ᠶᠢ ᠲᠠᠰᠤᠷᠠᠯᠲᠠ ᠥᠬᠡᠶ ᠴᠢᠩᠭᠠᠳᠬᠠᠵᠤ᠂ ᠦᠵᠡᠭᠴᠢᠳ ᠤᠨ ᠪᠡᠶᠡᠴᠢ ᠮᠡᠳᠡᠷᠡᠮᠵᠢ ᠶᠢ ᠳᠡᠭᠡᠭᠰᠢᠯᠡᠭᠦᠯᠬᠦ ᠬᠡᠷᠡᠭᠲᠡᠶ᠃ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠰᠢᠨ᠎ᠡ ᠵᠠᠭᠪᠤᠷ᠂ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠳᠠᠮᠵᠢᠨ ᠨᠠᠩ ᠣᠯᠠᠨ ᠠᠷᠠᠳ ᠣᠯᠠᠨ ᠢ ᠳᠠᠶᠢᠴᠢᠯᠠᠨ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠣᠷᠣᠯᠴᠠᠭᠤᠯᠵᠤ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠂ ᠣᠯᠠᠨ ᠲᠦᠮᠡᠨ ᠤ ᠠᠰᠢᠭ ᠣᠷᠣᠯᠭ᠎ᠠ ᠶᠢ ᠨᠡᠮᠡᠭᠳᠡᠭᠦᠯᠬᠦ ᠶᠢᠨ ᠬᠠᠮᠲᠤ ᠠᠵᠢᠯ ᠤᠨ ᠨᠡᠶᠢᠯᠡᠮᠡᠯ ᠬᠦᠴᠦᠨ ᠢ ᠲᠠᠰᠤᠷᠠᠯᠲᠠ ᠥᠬᠡᠶ ᠪᠣᠶ ᠪᠣᠯᠭᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ ᠂ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤᠪᠠᠷ ᠠᠬᠢᠭᠤᠯᠬᠤ ᠬᠡᠷᠡᠭᠲᠡᠶ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号