ᠯᠢᠦᠶ ᠶᠦᠩ ᠴᠧᠩ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠵᠠᠷᠤᠳ ᠬᠤᠰᠢᠭᠤᠨ ᠳᠤ ᠢᠷᠡᠵᠦ ᠶᠡᠷᠦᠩᠬᠡᠶᠢᠯᠡᠭᠰᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/5/24
        5 ᠰᠠᠷ᠎ᠠ ᠶᠢᠨ 21 ᠤ ᠡᠳᠦᠷ ᠠᠴᠠ 22 ᠤᠨ ᠡᠳᠦᠷ ᠪᠣᠯᠲᠠᠯ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦᠶ ᠶᠦᠩ ᠴᠧᠩ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠵᠠᠷᠤᠳ ᠬᠤᠰᠢᠭᠤᠨ ᠳᠤ ᠢᠷᠡᠵᠦ ᠣᠳᠣᠬᠠᠨ ᠤ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠶᠡᠷᠦᠩᠬᠡᠶᠢᠯᠡᠭᠰᠡᠨ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠤᠤ ᡁᠢ ᠹᠧᠩ᠂ ᠵᠠᠩ ᠯᠢ ᠹᠧᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠷᠢᠨ ᠪᠢᠴᠢᠭ ᠤᠨ ᠳᠠᠷᠤᠭ᠎ᠠ ᠬᠠᠨ ᠱᠢ ᠵᠥᠩ᠂ ᠬᠤᠰᠢᠭᠤᠨ ᠤ ᠤᠳᠤᠷᠢᠳᠤᠯᠭ᠎ᠠ ᠱᠣᠤ ᠶᠠᠨ ᠵᠢᠶᠦ᠋ᠨ᠂ ᠯᠢᠦ ᠶᠦᠩ᠂ ᠳ᠋ᠠᠶ ᠪᠦᠦ ᠯᠢᠨ᠂ ᠸᠠᠩ ᠴᠧᠩ᠂ ᠬᠤᠲᠠ᠂ ᠬᠤᠰᠢᠭᠤ ᠬᠤᠶᠠᠷ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ ᠬᠠᠮᠢᠶ᠎ᠠ ᠪᠥᠬᠦᠶ ᠠᠵᠢᠯᠲᠠᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠡᠮᠦᠨ᠎ᠡ ᠪᠤᠯᠠᠭᠲᠤ ᠮᠦᠽᠧᠶ᠂ ᠯᠦᠪᠸᠢ ᠠᠵᠤ ᠦᠢᠯᠡᠰ ᠤᠨ ᠲᠣᠭᠤᠷᠢᠭ᠂ ᠳᠤᠮᠳᠠᠳᠤ ᠤᠯᠤᠰ ᠤᠨ ᠬᠢᠮᠢ ︵ᠥᠪᠥᠷ ᠮᠣᠩᠭᠤᠯ︶ ᠶᠢᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠵᠠᠷᠤᠳ ᠬᠤᠰᠢᠭᠤᠨ ᠤ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠺᠣᠮᠫᠠᠨᠢ᠂ ᠥᠪᠥᠷ ᠮᠣᠩᠭᠤᠯ ᠤᠨ ᠴᠢᠩ ᠴᠢᠤᠸᠠᠨ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ᠵᠠᠷᠤᠳ ᠬᠤᠰᠢᠭᠤᠨ ᠤ ᠲᠢᠶᠠᠨ ᠴᠧᠩ ᠬᠢᠲᠠᠳ ᠡᠮ ᠤᠨ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠯᠦᠪᠸᠢ ᠪᠠᠯᠭᠠᠰᠤᠨ ᠤ ᠰᠢᠶᠤᠤ ᠾᠸᠢ ᠱᠠᠨ ᠲᠣᠰᠬᠤᠨ ᠤ ᠶᠢᠦ ᠶᠤᠸᠠᠨ ᠴᠠᠭᠠᠨ ᠢᠳᠡᠭᠡᠨ ᠤ ᠦᠢᠯᠡᠳᠪᠦᠷᠢ᠂ ᠬᠤᠰᠢᠭᠤᠨ ᠤ ᠵᠠᠬ᠎ᠠ ᠳᠡᠯᠭᠡᠭᠦᠷ ᠤᠨ ᠪᠠᠶᠢᠴᠠᠭᠠᠨ ᠰᠢᠯᠭᠠᠬᠤ ᠬᠢᠨᠠᠨ ᠪᠠᠶᠢᠴᠠᠭᠠᠬᠤ ᠲᠥᠪ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠤᠰᠢᠭᠤᠨ ᠤ ᠦᠬᠡᠷ ᠤᠨ ᠠᠵᠤ ᠦᠢᠯᠡᠰ ᠤᠨ ᠲᠣᠮᠣ ᠳ᠋ᠠᠶᠢᠲ᠋ᠠ ᠶᠢᠨ ᠲᠠᠪᠴᠠᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠵᠤ ᠠᠬᠤᠶ ᠶᠢᠨ ᠠᠵᠤ ᠠᠬᠤᠶᠢᠯᠠᠯ ᠤᠨ ᠡᠲᠡᠭᠡᠳ ᠢᠯᠭᠠᠯ ᠤᠨ ᠠᠵᠢᠯᠯᠠᠭᠠᠨ ᠤ ᠲᠠᠰᠤᠭ ᠵᠡᠷᠭᠡ ᠭᠠᠵᠠᠷ ᠲᠤ ᠬᠦᠷᠴᠦ᠂ ᠲᠣᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠠᠬᠤᠢ ᠭᠠᠵᠠᠷ ᠲᠤᠨᠢ ᠯᠠᠪᠯᠠᠨ ᠠᠰᠠᠭᠤᠬᠤ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠲᠠᠮᠵᠢᠨ᠂ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠠᠬᠢᠴᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠥᠯᠥᠪᠵᠢᠭᠦᠯᠭᠡ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠣᠳᠬᠠᠬᠤ ᠪᠠ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠲᠠᠪᠴᠠᠩ ᠤᠨ ᠪᠠᠶᠢᠭᠤᠯᠤᠯᠲᠠ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠪᠠ ᠣᠯᠣᠭᠰᠠᠨ ᠦᠷ᠎ᠡ ᠪᠦᠲᠦᠮᠵᠢ ᠶᠢ ᠨᠠᠷᠢᠨ ᠣᠶᠢᠯᠠᠭᠠᠪᠠ᠃    ᠪᠠᠶᠢᠴᠠᠭᠠᠨ ᠰᠤᠳᠤᠯᠬᠤ ᠳᠤᠭᠤᠶᠢᠯᠠᠩ ᠬᠢᠨ ᠵᠠᠷᠤᠳ ᠬᠤᠰᠢᠭᠤᠨ ᠤ ᠣᠳᠣᠬᠢ ᠱᠠᠲᠤᠨ ᠤ ᠭᠤᠤᠯᠳᠠᠯᠭ᠎ᠠ ᠲᠠᠢ ᠠᠵᠢᠯ ᠤᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠭᠰᠠᠨ ᠪᠥᠭᠡᠳ ᠬᠠᠮᠢᠶ᠎ᠠ ᠪᠥᠬᠦᠶ ᠠᠵᠢᠯ ᠳᠤ ᠵᠢᠯᠣᠭᠤᠳᠬᠤ ᠴᠢᠨᠠᠷᠲᠠᠶ ᠰᠠᠨᠠᠭᠤᠯᠭ᠎ᠠ ᠳᠤᠷᠠᠳᠪᠠ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠨᠢ ᠠᠷᠠᠳ ᠤᠨ ᠠᠮᠢᠳᠤᠷᠠᠯ ᠤᠨ ᠠᠵᠠ ᠵᠢᠷᠭᠠᠯ ᠲᠠᠢ ᠬᠤᠯᠪᠣᠭᠳᠠᠵᠤ ᠪᠠᠶᠢᠳᠠᠭ᠂ ᠣᠳᠣᠬᠠᠨ ᠤ ᠪᠠᠶᠢᠳᠠᠯ ᠢ ᠵᠥᠪ ᠡᠵᠡᠮᠳᠡᠵᠦ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠣᠨᠣᠪᠴᠢᠲᠠᠶ ᠡᠵᠡᠮᠳᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠥᠬᠦ ᠲᠠᠯ᠎ᠠ ᠪᠠᠷ᠂ ᠵᠣᠬᠢᠴᠠᠩᠭᠤᠶ᠂ ᠦᠷᠭᠦᠯᠵᠢᠯᠡᠬᠦᠶᠢᠴᠡ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ ᠵᠢᠭᠠᠪᠣᠷᠢᠯᠠᠪᠠ᠃   ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠨᠥᠬᠦᠴᠡᠯ ᠪᠠ ᠠᠵᠤ ᠦᠢᠯᠡᠰ ᠤᠨ ᠰᠠᠭᠤᠷᠢ ᠳᠤ ᠰᠠᠭᠤᠷᠢᠯᠠᠨ᠂ ᠡᠯ᠎ᠡ ᠵᠦᠢᠯ ᠤᠨ ᠡᠬᠢ ᠪᠠᠶᠠᠯᠢᠭ ᠢ ᠨᠡᠶᠢᠯᠡᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠶ ᠶᠢᠨ ᠬᠤᠷᠮᠣᠶ ᠶᠢᠨ ᠠᠵᠤ ᠠᠬᠤᠶ ᠶᠢ ᠬᠥᠭᠵᠢᠭᠦᠯᠵᠦ᠂ ᠣᠶ ᠶᠢᠨ ᠬᠤᠷᠮᠣᠶ ᠶᠢᠨ ᠠᠵᠤ ᠠᠬᠤᠶ ᠶᠢᠨ ᠤᠯᠠᠮ ᠨᠢᠭᠡ ᠠᠯᠬᠤᠮ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠬᠡᠷᠡᠭᠲᠡᠶ᠃ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠭᠤᠤᠯᠯᠠᠬᠤ ᠠᠵᠤ ᠦᠢᠯᠡᠰ ᠪᠣᠯᠭᠠᠨ ᠠᠳᠬᠤᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠮᠠᠯ ᠤᠨ ᠠᠷᠠᠯᠵᠢᠶ᠎ᠠ ᠶᠢ ᠵᠢᠷᠤᠮᠵᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠢᠵᠢᠭ ᠢ ᠰᠡᠷᠭᠡᠶᠢᠯᠡᠨ ᠬᠢᠵᠢᠭ ᠢ ᠪᠠᠶᠢᠴᠠᠭᠠᠬᠤ ᠶᠢ ᠴᠢᠩᠭᠠᠳᠬᠠᠵᠤ᠂ ᠮᠠᠯᠴᠢᠨ ᠲᠠᠷᠢᠶᠠᠴᠢᠳ ᠢ ᠬᠥᠲᠥᠯᠦᠨ ᠵᠢᠯᠣᠭᠤᠳᠴᠤ ᠪᠠᠶᠢᠭᠠᠳ ︽ᠲᠡᠵᠢᠭᠡᠬᠦ︾ ᠳᠤ ᠰᠡᠳᠭᠢᠯ ᠲᠠᠯᠪᠢᠨ ᠬᠦᠴᠦ ᠣᠷᠣᠭᠤᠯᠵᠤ᠂ ᠣᠶᠤᠨ ᠴᠢᠳᠠᠯ ᠢᠶᠠᠨ ᠲᠥᠪᠯᠡᠷᠡᠭᠦᠯᠦᠨ ᠦᠬᠡᠷ ᠢ ᠰᠠᠶᠢᠲᠤᠷ ᠲᠡᠵᠢᠭᠡᠵᠦ᠂ ᠠᠯᠠᠰᠢᠨ ᠦᠬᠡᠷ ᠨᠢᠲᠤᠯᠵᠤ ᠡᠳ᠋ᠰᠢᠭᠦᠯᠬᠦ ᠠᠵᠤ ᠦᠢᠯᠡᠰ ᠢ ᠤᠷᠲᠤᠳᠬᠠᠨ ᠬᠥᠭᠵᠢᠭᠦᠯᠵᠦ᠂ ᠠᠯᠠᠰᠢᠨ ᠦᠬᠡᠷ ᠤᠨ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠠᠰᠢᠭᠲᠠᠢ ᠠᠵᠠ ᠲᠣᠬᠢᠶᠠᠯ ᠢ ᠠᠮᠵᠢᠵᠤ᠂ ᠴᠠᠭᠠᠨ ᠢᠳᠡᠭᠡᠨ ᠤ ᠦᠢᠯᠡᠰ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠤᠨ ᠬᠤᠪᠢᠷᠠᠯᠲᠠ ᠶᠢ ᠣᠨᠣᠪᠴᠢᠲᠠᠢ ᠡᠵᠡᠮᠳᠡᠵᠦ᠂ ᠰᠠᠭᠠᠯᠢ ᠶᠢᠨ ᠦᠨᠢᠶ᠎ᠡ ᠶᠢᠨ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠵᠤ᠂ ᠰᠦ ᠶᠢᠨ ᠨᠡᠮᠡᠯᠲᠡ ᠦᠷᠳᠡᠭ ᠢ ᠳᠡᠭᠡᠭᠰᠢᠯᠡᠭᠦᠯᠵᠦ᠂ ᠰᠠᠭᠠᠯᠢ ᠶᠢᠨ ᠦᠨᠢᠶ᠎ᠡ ᠲᠡᠵᠢᠭᠡᠬᠦ ᠡᠷᠦᠬᠡ ᠶᠢ ᠲᠠᠶᠢᠴᠢᠯᠠᠨ ᠣᠷᠣᠯᠭ᠎ᠠ ᠶᠢ ᠨᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠬᠡᠷᠡᠭᠲᠡᠢ ᠭᠡᠵᠦ ᠱᠠᠭᠠᠷᠳᠠᠪᠠ᠃     ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠦᠵᠡᠯ ᠰᠠᠨᠠᠭ᠎ᠠ ᠲᠠᠨᠢᠯᠲᠠ ᠪᠠᠨ ᠬᠤᠪᠢᠷᠠᠭᠤᠯᠵᠤ᠂ ᠪᠦᠬᠦ ᠨᠡᠶᠢᠭᠡᠮ ᠢᠶᠠᠷ ᠢᠶᠠᠨ ᠬᠠᠮᠲᠤᠪᠠᠷ ᠣᠷᠣᠯᠴᠠᠵᠤ ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠣᠷᠴᠢᠨ ᠨᠦᠬᠦᠴᠡᠯ ᠢ ᠰᠢᠯᠢᠳᠡᠭᠵᠢᠭᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠰᠢᠨ᠎ᠡ ᠠᠷᠭ᠎ᠠ ᠬᠡᠮᠵᠢᠶ᠎ᠡ ᠰᠢᠨ᠎ᠡ ᠰᠡᠳᠬᠢᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠤᠯᠠᠨ ᠲᠦᠮᠡᠨ ᠪᠠ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠡᠳᠬᠢᠯ ᠲᠠᠯᠪᠢᠨ ᠰᠢᠢᠳᠪᠦᠷᠢᠯᠡᠵᠦ ᠥᠭᠬᠦ ᠬᠡᠷᠡᠭᠲᠡᠢ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠢᠨ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠥᠷᠥ ᠶᠢᠨ ᠵᠥᠪᠯᠡᠯᠭᠡᠨ ᠤ ᠡᠲᠡᠭᠡᠳ ᠤᠨ ᠢᠯᠭᠠᠯ ᠤᠨ ᠣᠨᠴᠠᠯᠢᠭ ᠢ ᠳᠣᠪᠤᠶᠢᠯᠭᠠᠨ᠂ ᠭᠡᠰᠢᠭᠦᠳ ᠤᠨ ᠬᠦᠷᠢᠶ᠎ᠡ ᠴᠠᠷ᠎ᠠ ᠳᠠᠬᠢ ᠳᠠᠪᠠᠭᠤᠯᠢᠭ᠂ ᠲᠣᠰ ᠪᠡᠶ᠎ᠡ ᠶᠢᠨ ᠲᠤᠰᠬᠠᠶ ᠮᠡᠷᠭᠡᠵᠢᠯ ᠳᠡᠭᠡᠨ ᠰᠠᠭᠤᠷᠢᠯᠠᠨ᠂ ᠰᠤᠷᠤᠯᠴᠠᠨ ᠰᠣᠯᠢᠯᠴᠠᠬᠤ᠂ ᠵᠥᠪᠯᠡᠯᠭᠡ ᠬᠢᠵᠦ ᠰᠠᠨᠠᠯ ᠵᠥᠪᠯᠡᠯᠭᠡ ᠳᠤᠷᠠᠳᠬᠤ᠂ ᠪᠦᠯᠬᠦᠮᠳᠡᠨ ᠨᠥᠬᠦᠷᠯᠡᠬᠦ ᠵᠡᠷᠭᠡ ᠡᠭᠦᠷᠭᠡ ᠲᠤᠰᠢᠶᠠᠯ ᠢᠶᠠᠨ  ᠭᠦᠢᠴᠡᠳᠭᠡᠬᠦ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠲᠠᠪᠴᠠᠩ ᠢ ᠦᠨᠡᠨ ᠬᠦ ᠭᠡᠰᠢᠭᠦᠳ ᠤᠨ ᠰᠤᠷᠤᠯᠴᠠᠬᠤ ᠬᠡᠷ ᠪᠦᠯᠢ᠂ ᠡᠭᠦᠷᠭᠡ ᠬᠠᠷᠢᠭᠤᠴᠠᠯᠭ᠎ᠠ ᠪᠠᠨ  ᠭᠦᠢᠴᠡᠳᠭᠡᠬᠦ ᠬᠡᠷ ᠪᠦᠯᠢ᠂ ᠠᠷᠠᠳ ᠤᠨ ᠲᠥᠯᠥᠭᠡ ᠵᠢᠳᠬᠦᠬᠦ ᠬᠡᠷ ᠪᠦᠯᠢ ᠪᠣᠯᠭᠠᠨ ᠪᠠᠶᠢᠭᠤᠯᠵᠤ᠂ ᠡᠲᠡᠭᠡᠳ ᠢᠯᠭᠠᠯ ᠤᠨ ᠣᠯᠠᠨ ᠲᠦᠮᠡᠨ ᠳᠤ ᠨᠠᠩ ᠰᠠᠶᠢᠲᠤᠷ ᠦᠢᠯᠡᠴᠢᠯᠡᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ ᠰᠠᠨᠠᠯ ᠨᠢᠭᠡᠲᠡᠶ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠶᠢᠴᠠᠭᠠᠨ ᠰᠤᠳᠤᠯᠤᠯᠲᠠ ᠬᠢᠵᠦ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠴᠢᠳᠠᠪᠤᠷᠢᠲᠠᠨ ᠬᠤᠷᠠᠨ ᠴᠤᠭᠯᠠᠷᠠᠭᠰᠠᠨ᠂ ᠣᠶᠤᠨ ᠤᠬᠠᠭᠠᠨ ᠨᠢᠭᠲᠠᠷᠠᠭᠰᠠᠨ᠂ ᠬᠠᠷᠢᠯᠴᠠᠭ᠎ᠠ ᠥᠷᠭᠡᠨ ᠳᠡᠯᠭᠡᠷ ᠪᠠᠶᠢᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠵᠠᠷᠤᠳ ᠬᠤᠰᠢᠭᠤᠨ ᠤ ᠠᠵᠢᠯ ᠢ ᠬᠠᠯᠠᠮᠵᠢᠯᠠᠨ ᠳᠡᠮᠵᠢᠵᠦ᠂ ᠵᠠᠷᠤᠳ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠠᠷᠭ᠎ᠠ ᠤᠬᠠᠭᠠᠨ ᠭᠠᠷᠭᠠᠨ᠎ᠠ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号