5 ᠰᠠᠷ᠎ᠠ ᠶᠢᠨ 24 ᠤ ᠡᠳᠦᠷ᠂ ᠭᠠᠭ᠋ᠠᠶᠢᠲᠤ ᠪᠠᠯᠭᠠᠰᠤᠨ ᠤ ᠡᠩᠭᠡ ᠠᠮᠤᠭᠤᠯᠠᠩ ᠶᠢᠨ ᠠᠯᠪᠠᠨ ᠬᠡᠷ ᠬᠢᠨ | ᠬᠠᠤᠯᠢ ᠴᠠᠭᠠᠵᠠ ᠶᠢᠨ ᠭᠠᠵᠠᠷ ᠲᠠᠢ ᠬᠠᠮᠲᠤᠷᠠᠨ ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠪᠡ᠃ ᠠᠵᠢᠯᠯᠠᠭ᠎ᠠ ᠶᠢᠨ ᠠᠬᠤᠢ ᠲᠠᠯᠠᠪᠠᠢ ᠳᠤ ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ | ᠬᠥᠨᠳᠡᠯᠡᠨ ᠪᠢᠴᠢᠭᠡᠰᠦ ᠡᠯᠭᠦᠬᠦ᠂ ᠢᠷᠭᠡᠨ ᠤ ᠬᠠᠤᠯᠢ ᠶᠢᠨ ᠪᠢᠴᠢᠭ ᠤᠨ ᠡᠯᠭᠦᠭᠡ ᠵᠢᠷᠤᠭ ᠲᠠᠷᠬᠠᠭᠠᠬᠤ᠂ ᠤᠯᠠᠨ | ᠲᠦᠮᠡᠨ ᠤ ᠬᠠᠤᠯᠢ ᠴᠠᠭᠠᠵᠠ ᠶᠢᠨ ᠯᠠᠪᠯᠠᠭ᠎ᠠ ᠳᠤ ᠬᠠᠷᠢᠭᠤᠯᠲᠠ ᠥᠭᠬᠦ ᠵᠡᠷᠭᠡ ᠬᠡᠯᠪᠡᠷᠢ ᠪᠠᠷ ᠤᠬᠠᠭᠤᠯᠭ᠎ᠠ ᠥᠷᠨᠢᠭᠦᠯᠪᠡ | ᠃ ᠠᠵᠢᠯᠲᠠᠳ ︽ᠢᠷᠭᠡᠨ ᠤ ᠬᠠᠤᠯᠢ ᠶᠢᠨ ᠪᠢᠴᠢᠭ︾ ᠳᠠᠬᠢ ᠭᠡᠷ᠎ᠡ ᠶᠢᠨ ᠨᠠᠶᠢᠷᠠᠮᠳᠠᠯ᠂ ᠡᠳ᠋ ᠬᠥᠷᠥᠩᠭᠡ ᠶᠢᠨ | ᠬᠤᠪᠢᠶᠠᠷᠢᠯᠠᠯᠲᠠ᠂ ᠰᠦᠯᠵᠢᠶᠡᠨ ᠤ ᠵᠢᠭᠡᠯᠡᠯᠭᠡ ᠶᠢᠨ ᠥᠷᠢ ᠥᠭᠴᠡᠭᠡᠨ ᠤ ᠵᠢᠭᠤᠷᠠᠯᠳᠤᠭᠠᠨ ᠵᠡᠷᠭᠡ ᠠᠭᠤᠯᠭ᠎ᠠ ᠶᠢᠨ | ᠲᠤᠭᠤᠷᠢᠨ ᠳᠤ᠂ ᠬᠢᠯᠪᠠᠷ ᠣᠶᠢᠯᠠᠭᠠᠮᠵᠢᠲᠠᠶ ᠦᠭᠡ ᠬᠡᠯᠡ᠂ ᠠᠮᠢᠳᠤᠯᠢᠭ ᠬᠡᠷᠡᠭ ᠤᠨ ᠵᠢᠱᠢᠶ᠎ᠡ ᠪᠠᠷ ᠲᠤᠬᠠᠶ ᠶᠢᠨ | ᠲᠠᠯᠠᠪᠤᠷ ᠤᠨ ᠲᠠᠶᠢᠯᠤᠮᠵᠢ ᠬᠢᠵᠦ᠂ ᠣᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠢ ᠦᠨᠡᠨ ᠬᠦ ᠴᠢᠩᠭᠠᠳᠬᠠᠵᠤ᠂ | ︽ᠬᠠᠤᠯᠢ ᠶᠢ ᠮᠡᠳᠡᠬᠦ ᠬᠠᠤᠯᠢ ᠶᠢ ᠤᠶᠢᠯᠠᠭᠠᠬᠤ ᠬᠠᠤᠯᠢ ᠶᠢ ᠬᠦᠨᠳᠦᠳᠬᠡᠬᠦ ᠬᠠᠤᠯᠢ ᠶᠢ ᠰᠠᠬᠢᠬᠤ︾ ᠰᠠᠶᠢᠨ ᠰᠠᠶᠢᠬᠠᠨ | ᠬᠠᠤᠯᠢ ᠪᠠᠷ ᠵᠠᠰᠠᠬᠤ ᠠᠭᠤᠷ ᠠᠮᠢᠰᠬᠤᠯ ᠢ ᠪᠣᠶ ᠪᠣᠯᠭᠠᠪᠠ᠃ | | | |