ᠪᠦᠬᠦ ᠬᠤᠲᠠ ᠶᠢᠨ ᠬᠤᠷᠴᠢᠨ ᠤ ᠡᠯᠡᠰᠦᠷᠬᠡᠭ ᠭᠠᠵᠠᠷ ᠢ ᠰᠦᠨᠦᠭᠡᠬᠦ ᠳᠠᠶᠢᠯᠠᠯᠳᠤᠭᠠᠨ ᠵᠢᠴᠢ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠬᠡᠷᠡᠯ ᠴᠡᠨᠡᠭ ᠤᠨ ᠨᠢᠭᠡ  ᠴᠤᠭᠴᠠᠵᠢᠭᠰᠠᠨ ᠢᠨᠵᠧᠨᠧᠷᠢᠩ ᠤᠨ ᠠᠬᠤᠢ ᠲᠠᠯᠠᠪᠠᠢ ᠶᠢᠨ ᠠᠬᠢᠭᠤᠯᠬᠤ ᠬᠤᠷᠠᠯ ᠵᠠᠷᠤᠳ ᠬᠤᠰᠢᠭᠤᠨ ᠳᠤ ᠬᠢᠪᠡ
ᠨᠡᠶᠢᠲᠡᠯᠡᠭᠰᠡᠨ ᠴᠠᠭ᠄
2024/5/27
   5 ᠰᠠᠷ᠎ᠠ ᠶᠢᠨ 24 ᠤ ᠡᠳᠦᠷ᠂ ᠪᠥᠬᠦ ᠬᠤᠲᠠ ᠶᠢᠨ ᠬᠤᠷᠴᠢᠨ ᠤ ᠡᠯᠡᠰᠦᠷᠬᠡᠭ ᠭᠠᠵᠠᠷ ᠢ ᠰᠦᠨᠦᠭᠡᠬᠦ ᠳᠠᠶᠢᠯᠠᠯᠳᠣᠭᠠᠨ ᠵᠢᠴᠢ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠤᠨ ᠠᠬᠤᠢ ᠲᠠᠯᠠᠪᠠᠢ ᠶᠢᠨ ᠠᠬᠢᠭᠤᠯᠬᠤ ᠬᠤᠷᠠᠯ ᠵᠠᠷᠤᠳ ᠬᠤᠰᠢᠭᠤᠨ ᠳᠤ ᠬᠢᠪᠡ᠃ ᠬᠤᠲᠠ ᠶᠢᠨ ᠳᠡᠳ᠋ ᠳᠠᠷᠤᠭ᠎ᠠ ᠯᠢᠦᠶ ᠭᠦᠸᠧ ᠬᠤᠸᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠳᠡᠳ᠋ ᠬᠤᠰᠢᠭᠤᠨ ᠳᠠᠷᠤᠭ᠎ᠠ ᠼᠦᠢ ᠯᠸᠢ ᠯᠸᠢ᠂ ᠬᠤᠲᠠ ᠬᠤᠰᠢᠭᠤ ᠬᠤᠶᠠᠷ ᠱᠠᠲᠤ ᠵᠢᠴᠢ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠬᠤᠢ ᠲᠠᠯᠠᠪᠠᠢ ᠶᠢᠨ ᠬᠤᠷᠠᠯ ᠳᠤ ᠣᠷᠣᠯᠴᠠᠪᠠ᠃    ᠯᠢᠦᠶ ᠭᠦᠸᠧ ᠬᠤᠸᠠ ᠬᠠᠮᠲᠤ ᠶᠠᠪᠣᠭᠰᠠᠳ ᠲᠠᠢ ᠪᠠᠨ ᠴᠢᠪᠠᠭᠠᠲᠤ ᠰᠤᠮᠤ ᠶᠢᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠤᠨ ᠡᠯᠡᠰᠦ ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠣᠷᠣᠨ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠡᠯᠡᠰᠦᠨ ᠤ ᠤᠷᠭᠤᠮᠠᠯ ᠲᠠᠷᠢᠬᠤ ᠠᠬᠢᠴᠠ᠂ ᠡᠯᠡᠰᠦ ᠶᠢ ᠲᠣᠭᠲᠠᠪᠤᠷᠢᠵᠢᠭᠤᠯᠬᠤ ᠦᠷ᠎ᠡ ᠪᠦᠲᠦᠮᠵᠢ ᠵᠢᠴᠢ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠥᠪᠡᠷ ᠤᠨ ᠥᠷᠲᠡᠭ ᠤᠨ ᠠᠰᠢᠭ ᠣᠷᠣᠯᠭ᠎ᠠ ᠵᠡᠷᠭᠡ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃    ᠳᠠᠷᠠᠭ᠎ᠠ ᠨᠢ ᠰᠠᠭᠤᠳᠠᠯ ᠤᠨ ᠬᠤᠷᠠᠯ ᠬᠢᠪᠡ᠃ ᠬᠤᠷᠠᠯ ᠳᠡᠭᠡᠷ᠎ᠡ ᠵᠠᠷᠤᠳ ᠬᠤᠰᠢᠭᠤ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠨᠠᠢᠮᠠᠨ ᠬᠤᠰᠢᠭᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠬᠤᠲᠠ ᠶᠢᠨ ᠡᠨᠧᠷᠭᠢ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠨᠢᠭᠡᠳᠦᠯᠲᠡᠢ ᠪᠠᠶᠢᠷᠢᠯᠠᠭᠤᠯᠤᠯᠲᠠ ᠶᠢ ᠵᠢᠷᠤᠮᠯᠠᠨ ᠰᠥᠨᠥᠭᠡᠬᠦ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠪᠦᠲᠦᠮᠵᠢᠲᠡᠢ ᠲᠤᠷᠰᠢᠯᠭ᠎ᠠ ᠶᠢᠨ ᠵᠠᠭᠪᠤᠷ ᠢ ᠳᠡᠯᠭᠡᠷᠡᠭᠦᠯᠬᠦ ᠬᠡᠷᠡᠭᠲᠡᠢ᠃ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠵᠤ᠂ ᠪᠦᠭᠦᠳᠡᠭᠡᠷ ᠢᠶᠠᠨ ᠰᠥᠨᠥᠭᠡᠬᠦ ᠳᠠᠶᠢᠯᠠᠯᠳᠤᠭᠠᠨ ᠢ ᠰᠠᠶᠢᠲᠤᠷ ᠬᠢᠬᠦ ᠳᠤ ᠣᠷᠣᠯᠴᠠᠬᠤ ᠬᠡᠷᠡᠭᠲᠡᠢ᠃ ᠠᠷᠪᠢᠯᠠᠨ ᠭᠠᠮᠨᠠᠬᠤ ᠤᠬᠠᠮᠰᠠᠷ ᠢᠶᠠᠨ ᠴᠢᠩᠭᠠᠳᠬᠠᠵᠤ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠶ᠃ ᠨᠢᠭᠡ ᠴᠤᠬᠴᠠᠵᠢᠭᠤᠯᠬᠤ ᠢᠨᠵᠧᠨᠧᠷᠢᠩ ᠪᠣᠯᠤᠨ ᠠᠭᠤᠯᠠ ᠤᠰᠤᠨ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠ ᠬᠠᠮᠵᠢᠯᠴᠠᠨ  ᠠᠵᠢᠯᠯᠠᠬᠤ ᠪᠠᠨ ᠴᠢᠩᠭᠠᠳᠬᠠᠬᠤ ᠬᠡᠷᠡᠭᠲᠡᠢ᠃ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠵᠠᠰᠠᠯᠲᠠ ᠶᠢᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ︽ᠤᠢ ᠰᠢᠭᠤᠢ ᠶᠢᠨ  ᠠᠬᠠᠯᠠᠭᠴᠢ ᠶᠢᠨ ᠳᠦᠷᠢᠮ︾ ᠢᠶᠠᠷ ᠭᠠᠷᠳᠠᠴᠠ ᠪᠣᠯᠭᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠯᠤᠭ᠎ᠠ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠲᠡᠢ᠃ ᠬᠢᠨᠠᠯᠲᠠ ᠲᠠᠯᠪᠢᠵᠤ ᠬᠢᠨᠠᠨ ᠰᠢᠯᠭᠠᠬᠤ ᠪᠠ ᠤᠬᠠᠭᠤᠯᠵᠤ ᠬᠦᠳᠦᠯᠦᠨ ᠵᠢᠯᠣᠭᠤᠳᠬᠤ ᠶᠢ ᠴᠢᠩᠭᠠᠳᠬᠠᠵᠤ᠂ ᠰᠥᠨᠥᠭᠡᠬᠦ ᠳᠠᠶᠢᠯᠠᠯᠳᠤᠭᠠᠨ ᠢ ᠬᠦᠴᠦᠯᠡᠨ ᠰᠠᠶᠢᠲᠤᠷ ᠬᠢᠬᠦ ᠬᠡᠷᠡᠭᠲᠡᠢ ᠭᠡᠵᠦ ᠵᠢᠭᠠᠪᠣᠷᠢᠯᠠᠪᠠ᠃   
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号