| 5 ᠰᠠᠷ᠎ᠠ ᠶᠢᠨ 27 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠷᠤᠳ ᠬᠤᠰᠢᠭᠤᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 83 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ | ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ ᠬᠤᠷᠠᠯ ᠢ ᠡᠷᠬᠢᠯᠡᠵᠦ ᠶᠠᠷᠢᠶ᠎ᠠ ᠲᠠᠯᠪᠢᠪᠠ | ᠃ ᠪᠦᠦ ᠸᠧᠨ ᠯᠠᠨ᠂ ᠶᠠᠩ ᠽᠢ ᠴᠢᠶᠠᠩ ᠵᠡᠷᠭᠡ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠡᠦ ᠴᠢᠩ ᠬᠠᠢ᠂ ᠡᠯ᠎ᠡ ᠬᠦᠷᠢᠶ᠎ᠡ ᠴᠠᠷᠠᠭ᠎ᠠ ᠶᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ | ᠬᠤᠰᠢᠭᠤᠨ ᠳᠠᠷᠤᠭ᠎ᠠ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ | ᠬᠤᠷᠠᠯ ᠳᠤ ᠰᠤᠯᠠ ᠣᠷᠣᠯᠴᠠᠪᠠ᠃ | | | ᠬᠤᠷᠠᠯ ᠳᠡᠭᠡᠷ᠎ᠡ᠂ 4 ᠰᠠᠷ᠎ᠠ ᠶᠢᠨ 30 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠤᠨ | ᠭᠤᠸᠠᠩᠳᠦ᠋ᠩ ᠤᠨ ᠮᠸᠢ ᠵᠧᠦ ᠬᠤᠲᠠ ᠶᠢᠨ ᠮᠧᠢ ᠳ᠋ᠠ ᠲᠦᠷᠭᠡᠨ ᠬᠤᠷᠲᠣᠴᠠᠲᠤ ᠵᠠᠰᠠᠮᠠᠯ ᠵᠠᠮ ᠤᠨ ᠴᠠ ᠶᠠᠩ | ᠵᠠᠮ ᠤᠨ ᠬᠡᠰᠡᠭ ᠤᠨ ᠭᠠᠶ ᠭᠠᠮᠰᠢᠭ ᠤᠨ ᠲᠤᠬᠠᠶ ᠭᠠᠷᠭᠠᠭᠰᠠᠨ ᠴᠢᠬᠤᠯᠠ ᠵᠢᠭᠠᠪᠤᠷᠢ᠂ ᠰᠢ ᠶᠢᠨ ᠫᠢᠩ ᠤᠨ | ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ | ᠴᠢᠬᠤᠯᠠ ᠵᠢᠭᠠᠪᠤᠷᠢ ᠪᠣᠯᠤᠨ ᠰᠢ ᠶᠢᠨ ᠫᠢᠩ ᠤᠨ ᠵᠢᠭᠤᠯᠴᠢᠯᠠᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠶᠡᠷᠦᠩᠬᠡᠶ ᠱᠦᠵᠢ ᠰᠢ ᠶᠢᠨ ᠫᠢᠩ ᠤᠨ ︽ᠲᠦᠭ ᠲᠦᠮᠡᠨ | ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠤᠯᠤᠰ ᠢᠶᠠᠨ ᠬᠦᠴᠦᠷᠬᠡᠭᠵᠢᠭᠦᠯᠬᠦ ᠪᠥᠲᠥᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠦᠢᠯᠡᠰ ᠲᠤ ᠢᠳᠡᠪᠬᠢᠲᠡᠶ | ᠣᠷᠣᠯᠴᠠᠭᠤᠯᠤᠶ᠎ᠠ︾ ᠭᠡᠬᠦ ᠴᠢᠬᠤᠯᠠ ᠵᠣᠬᠢᠶᠠᠯ ᠢ ᠰᠤᠷᠤᠯᠴᠠᠪᠠ᠃ | ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠨᠢᠭᠤᠴᠠ ᠶᠢ ᠬᠠᠮᠠᠭᠠᠯᠠᠬᠤ | ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ︽ᠨᠢᠭᠤᠴᠠ ᠶᠢ ᠬᠠᠮᠠᠭᠠᠯᠠᠬᠤ ᠠᠵᠢᠯ ᠳᠤ ᠪᠠᠭ᠎ᠠ ᠶᠠᠪᠤᠳᠠᠯ ᠦᠭᠡᠢ︾ ᠪᠠᠶᠢᠬᠤ ᠦᠵᠡᠯ | ᠰᠠᠨᠠᠭ᠎ᠠ ᠶᠢ ᠪᠠᠲᠤ ᠪᠤᠢ ᠪᠣᠯᠭᠠᠵᠤ᠂ ᠨᠢᠭᠤᠴᠠ ᠳᠤ ᠬᠤᠯᠪᠣᠭᠳᠠᠬᠤ ᠬᠥᠮᠦᠰ᠂ ᠨᠢᠭᠤᠴᠠ ᠳᠤ ᠬᠤᠯᠪᠣᠭᠳᠠᠬᠤ | ᠠᠴᠢᠶᠠᠯᠠᠪᠤᠷᠢ᠂ ᠸᠢᠴᠠᠲ ᠤᠨ ᠬᠤᠯᠪᠣᠭ᠎ᠠ ᠵᠡᠷᠭᠡ ᠪᠦᠯᠦᠭᠯᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠨᠢᠭᠤᠴᠠ ᠶᠢ | ᠵᠠᠳᠠᠷᠠᠭᠤᠯᠬᠤ ᠠᠰᠠᠭᠤᠳᠠᠯ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ | ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ | ᠲᠤᠬᠠᠶ ᠬᠠᠮᠢᠶ᠎ᠠ ᠪᠥᠬᠦᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠳᠤᠮᠳᠠ ᠰᠢᠨ᠎ᠡ ᠳᠠᠪᠠᠭᠤᠯᠢᠭ ᠢ | ᠪᠤᠶᠢᠵᠢᠭᠤᠯᠵᠤ᠂ ᠥᠭᠡᠷᠡᠴᠢᠯᠡᠯᠲᠡ ᠶᠢᠨ ᠭᠤᠤᠯᠳᠠᠯᠭ᠎ᠠ ᠶᠢ ᠳᠣᠪᠤᠶᠢᠯᠭᠠᠨ᠂ ᠪᠥᠬᠦ ᠬᠤᠰᠢᠭᠤᠨ ᠤ ᠬᠥᠭᠵᠢᠯᠲᠡ ᠶᠢᠨ | ᠪᠣᠳᠠᠲᠤ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠨᠢᠭᠡ ᠪᠦᠯᠦᠭ ᠦᠢᠯᠡᠳᠦᠯ ᠶᠡᠭᠡ᠂ ᠦᠷ᠎ᠡ ᠪᠦᠲᠦᠮᠵᠢ | ᠲᠦᠷᠭᠡᠨ ᠥᠭᠡᠷᠡᠴᠢᠯᠡᠯᠲᠡ ᠶᠢᠨ ᠴᠢᠨᠠᠷᠲᠠᠶ ᠠᠷᠭ᠎ᠠ ᠬᠡᠮᠵᠢᠶ᠎ᠡ ᠶᠢ ᠢᠳᠡᠪᠬᠢᠲᠡᠶ ᠰᠦᠪᠡᠭᠴᠢᠯᠡᠵᠦ᠂ ᠪᠣᠳᠠᠲᠤ ᠦᠷ᠎ᠡ | ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠪᠡ᠃ | ᠱᠤᠤ ᠶᠠᠨ ᠵᠢᠶᠦ᠋ᠨ ᠱᠠᠭᠠᠷᠳᠠᠭᠰᠠᠨ ᠨᠢ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ | ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ | ᠲᠠᠨᠢᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠬᠤ ᠤᠯᠤᠰ ᠲᠦᠷᠦ ᠶᠢᠨ ᠤᠬᠠᠮᠰᠠᠷ᠂ | ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ | ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠨᠢᠭᠡᠳᠦᠭᠡᠷ ᠬᠠᠷᠢᠭᠤᠴᠠᠯᠭᠠᠲᠠᠨ ᠤ | ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠰᠢᠭᠤᠳ ᠣᠷᠣᠯᠴᠠᠵᠤ ᠣᠷᠢᠳᠴᠢᠯᠠᠨ | ᠵᠢᠯᠣᠭᠤᠳᠴᠤ᠂ ᠲᠣᠰ ᠰᠠᠯᠠᠭ᠎ᠠ ᠮᠥᠴᠢᠷ ᠤᠨ ᠢᠶᠠᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠴᠢᠩᠭ᠎ᠠ | ᠠᠩᠬᠠᠷᠴᠤ᠂ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ ᠡᠷᠢᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠶᠢ ᠣᠨᠣᠪᠴᠢᠲᠠᠶ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠬᠦᠴᠦᠨ ᠢᠶᠠᠷ ᠢᠶᠠᠨ | ᠠᠬᠢᠭᠤᠯᠬᠤ ᠬᠡᠷᠡᠭᠲᠡᠶ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢ | ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠵᠠᠯᠠᠷᠠᠭᠤᠯᠬᠤ ᠶᠢ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢᠨ ᠡᠭᠦᠷᠭᠡ ᠪᠣᠯᠭᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠡᠯ᠎ᠡ ᠵᠦᠢᠯ ᠤᠨ ᠡᠭᠦᠷᠭᠡ ᠶᠢ ᠪᠣᠳᠠᠲᠠᠶ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ | ᠪᠣᠳᠠᠲᠠᠶ ᠴᠡᠭᠴᠡᠯᠡᠨ ᠵᠠᠰᠠᠬᠤ ᠲᠥᠰᠦᠯ ᠲᠣᠭᠲᠠᠭᠠᠵᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ ᠴᠡᠭᠴᠡᠯᠡᠨ | ᠵᠠᠰᠠᠬᠤ ᠶᠢ ᠠᠳᠬᠤᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠵᠦ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ | ᠴᠢᠩᠳᠠᠯᠠᠬᠤ ᠰᠢᠨ᠎ᠡ ᠦᠷ᠎ᠡ ᠪᠦᠲᠦᠮᠵᠢ ᠪᠠᠷ ᠠᠷᠠᠳ ᠲᠦᠮᠡᠨ ᠤ ᠢᠲᠡᠭᠡᠯ ᠢ ᠲᠠᠰᠤᠷᠠᠯᠲᠠ ᠥᠬᠡᠶ ᠣᠯᠵᠤ᠂ ᠠᠷᠠᠳ | ᠲᠦᠮᠡᠨ ᠳᠤ ᠪᠤᠶᠠᠨ ᠦᠢᠯᠡᠳᠬᠦ ᠬᠡᠷᠡᠭᠲᠡᠶ᠃ ᠲᠤᠭ᠎ᠠ ᠪᠦᠷᠢᠳᠬᠡᠯ ᠤᠨ ᠠᠵᠢᠯ ᠢ ᠴᠢᠬᠤᠯᠠᠴᠢᠯᠠᠬᠤ ᠬᠡᠮᠵᠢᠶ᠎ᠡ ᠪᠠᠨ | ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠡᠭᠦᠷᠭᠡᠲᠦ | ᠪᠤᠳᠣᠯ ᠢᠶᠠᠨ ᠦᠨᠡᠨᠬᠦ ᠴᠢᠩᠭᠠᠳᠬᠠᠵᠤ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠯᠲᠠ ᠶᠢ ᠤᠯᠠᠮ ᠨᠢᠭᠡ ᠠᠯᠬᠤᠮ | ᠴᠢᠩᠭᠠᠳᠬᠠᠨ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠲᠤᠭ᠎ᠠ | ᠪᠦᠷᠢᠳᠬᠡᠯ ᠤᠨ ᠦᠢᠯᠡᠴᠢᠯᠡᠭᠡᠨ ᠤ ᠬᠢᠷᠢ ᠲᠦᠪᠰᠢᠨ ᠪᠠ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠪᠥᠬᠦ | ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠳᠤ ᠬᠦᠴᠦᠲᠡᠶ ᠲᠤᠭ᠎ᠠ | ᠪᠦᠷᠢᠳᠬᠡᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠪᠡ᠃ | ᠬᠤᠷᠠᠯ ᠠᠴᠠ ᠪᠠᠰᠠ ︽ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠬᠡᠷᠡᠭᠵᠢᠭᠦᠯᠬᠦ ᠲᠥᠰᠦᠯ︾᠂ ︽ᠲᠦᠩᠯᠢᠶᠣᠤ ᠬᠤᠲᠠ ᠶᠢᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ | ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠲᠤᠬᠠᠶ | ᠬᠡᠷᠡᠭᠵᠢᠭᠦᠯᠬᠦ ᠲᠥᠰᠦᠯ︾᠂ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ | ᠳᠥᠷᠪᠡᠳᠦᠭᠡᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠪᠠ ᠪᠥᠬᠦ ᠬᠤᠲᠠ ᠶᠢᠨ ᠨᠠᠮ ᠤᠨ ᠪᠠᠶᠢᠭᠤᠯᠤᠯᠲᠠ ᠶᠢᠨ | ᠠᠵᠢᠯ ᠤᠨ ᠭᠤᠤᠯᠳᠠᠯᠭ᠎ᠠ ᠲᠠᠢ ᠡᠭᠦᠷᠭᠡ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ | ᠢᠳᠡᠭᠡᠨ ᠤ ᠠᠮᠤᠷ ᠲᠦᠪᠰᠢᠨ ᠤ ᠬᠦᠷᠢᠶ᠎ᠡ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠬᠦᠷᠢᠶ᠎ᠡ᠂ ᠨᠡᠶᠢᠭᠡᠮ ᠤᠨ ᠪᠠᠲᠤᠯᠠᠭ᠎ᠠ ᠠᠵᠢᠯ ᠣᠯᠭᠤᠯᠲᠠ ᠶᠢᠨ ᠬᠦᠷᠢᠶ᠎ᠡ ᠵᠡᠷᠭᠡ | ᠬᠤᠰᠢᠭᠤᠨ ᠤ ᠱᠠᠲᠤᠨ ᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠭᠤᠤᠯᠳᠠᠯᠭ᠎ᠠ ᠲᠠᠢ ᠠᠵᠢᠯ ᠤᠨ ᠲᠥᠰᠦᠯ ᠪᠠ ᠬᠤᠰᠢᠭᠤᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ | ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ | ᠬᠠᠷᠢᠭᠤ ᠮᠡᠳᠡᠭᠦᠯᠦᠯᠲᠡ ᠶᠢ ᠰᠣᠨᠣᠰᠪᠠ᠃ ︽ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ | 2024 ᠣᠨ ᠤ ᠠᠵᠢᠯ ᠤᠨ ᠭᠤᠤᠯᠳᠠᠯᠭ᠎ᠠ︾᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ︽2024 ᠣᠨ ᠤ ᠠᠵᠢᠯ ᠤᠨ | ᠭᠤᠤᠯᠳᠠᠯᠭ᠎ᠠ︾᠂ ︽ᠠᠵᠢᠯ ᠤᠨ ᠲᠦᠷᠢᠮ︾ ᠵᠢᠴᠢ ᠠᠯᠪᠠᠨ ᠬᠡᠷ ᠤᠨ ︽ᠠᠵᠢᠯ ᠤᠨ ᠨᠠᠷᠢᠨ ᠲᠦᠷᠢᠮ︾ ᠢ | ᠰᠤᠳᠤᠯᠤᠨ ᠬᠢᠨᠠᠨ ᠵᠥᠪᠯᠡᠵᠦ᠂ ︽ᠵᠠᠷᠤᠳ ᠬᠤᠰᠢᠭᠤᠨ ᠤ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾ ︵ᠵᠠᠰᠠᠪᠤᠷᠢ ᠣᠷᠣᠭᠤᠯᠤᠭᠰᠠᠨ ᠨᠣᠤᠷᠠᠭ | ︶᠂ ︽ᠵᠠᠷᠤᠳ ᠬᠤᠰᠢᠭᠤᠨ ᠤ ᠴᠢᠬᠤᠯᠠ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠬᠠᠮᠢᠶᠠᠷᠤᠯᠲᠠ ᠶᠢᠨ ᠠᠷᠭ᠎ᠠ︾ ᠪᠠ ︽ᠵᠠᠷᠤᠳ ᠬᠤᠰᠢᠭᠤᠨ ᠤ ᠭᠠᠴᠠᠭ᠎ᠠ ᠲᠣᠰᠬᠤᠨ ᠨᠡᠶᠢᠭᠡᠮ | ᠲᠣᠭᠤᠷᠢᠭ ᠤᠨ ᠠᠵᠢᠯ ᠶᠠᠪᠤᠳᠠᠯ ᠤᠨ ᠵᠢᠯᠣᠭᠤᠳᠬᠤ ᠭᠠᠷᠴᠠᠭ︾᠂ ︽ᠵᠠᠷᠤᠳ ᠬᠤᠰᠢᠭᠤᠨ ᠤ ᠭᠠᠴᠠᠭ᠎ᠠ ᠲᠣᠰᠬᠤᠨ | ︵ᠨᠡᠶᠢᠭᠡᠮ ᠲᠣᠭᠤᠷᠢᠭ︶ ᠤ ᠠᠵᠢᠯ ᠤᠨ ᠵᠦᠢᠯᠡᠰ ᠢ ᠵᠥᠪᠰᠢᠶᠡᠷᠡᠨ ᠣᠷᠣᠭᠤᠯᠬᠤ ᠪᠠ ᠬᠥᠳᠡᠯᠦᠩᠭᠦᠶ ᠪᠠᠷ | ᠳᠣᠭᠢᠷᠠᠭᠤᠯᠬᠤ ᠬᠠᠮᠢᠶᠠᠷᠤᠯᠲᠠ ᠶᠢᠨ ᠠᠷᠭ᠎ᠠ︾᠂ ︽ᠰᠤᠮᠤ ᠰᠢᠶᠠᠩ ᠪᠠᠯᠭᠠᠰᠤᠨ ᠤ ᠡᠭᠦᠷᠭᠡ ᠬᠠᠷᠢᠭᠤᠴᠠᠯᠭ᠎ᠠ ᠶᠢᠨ | ᠨᠠᠷᠢᠨ ᠲᠠᠩᠰᠠ︾ ᠶᠢ ᠰᠤᠳᠤᠯᠤᠨ ᠬᠢᠨᠠᠨ ᠵᠥᠪᠯᠡᠪᠡ᠃ | | | |