ᠵᠠᠷᠤᠳ ᠬᠤᠰᠢᠭᠤ ᠪᠣᠯᠤᠨ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠲᠦᠩᠯᠢᠶᠣᠤ ᠬᠤᠲᠠ ᠶᠢᠨ ᠬᠤᠪᠢᠶᠠᠷᠢ ᠪᠠᠩᠬᠢ ᠵᠣᠯᠭᠠᠭᠤᠯᠬᠤ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2024/5/29
      5 ᠰᠠᠷ᠎ᠠ ᠶᠢᠨ 28 ᠤ ᠡᠳᠦᠷ᠂ ᠵᠠᠷᠤᠳ ᠬᠤᠰᠢᠭᠤ ᠪᠣᠯᠤᠨ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠲᠦᠩᠯᠢᠶᠣᠤ ᠬᠤᠲᠠ ᠶᠢᠨ ᠬᠤᠪᠢᠶᠠᠷᠢ ᠪᠠᠩᠬᠢ ᠵᠣᠯᠭᠠᠭᠤᠯᠬᠤ ᠰᠠᠭᠤᠳᠠᠯ ᠤᠨ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠠᠯᠪᠠᠨ ᠤ ᠬᠠᠳᠠᠭᠠᠯᠠᠮᠵᠢ᠂ ᠬᠦᠦ ᠮᠥᠩᠭᠦ ᠶᠢ ᠪᠠᠭᠤᠷᠠᠭᠤᠯᠬᠤ ᠵᠡᠷᠭᠡ ᠲᠤᠬᠠᠶᠢᠯᠠᠭᠰᠠᠨ ᠠᠵᠢᠯ ᠤᠨ ᠲᠣᠭᠤᠷᠢᠨ ᠳᠤ ᠭᠦᠨᠵᠡᠭᠡᠶ ᠰᠣᠯᠢᠯᠴᠠᠭ᠎ᠠ ᠪᠠ ᠵᠣᠯᠭᠠᠯᠴᠠᠭ᠎ᠠ ᠬᠢᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ᠂ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠲᠦᠩᠯᠢᠶᠣᠤ ᠶᠢᠨ ᠬᠤᠪᠢᠶᠠᠷᠢ ᠪᠠᠩᠬᠢ ᠶᠢᠨ ᠨᠠᠮ ᠤᠨ ᠬᠤᠷᠢᠶ᠎ᠠ ᠶᠢᠨ ᠱᠦᠵᠢ᠂ ᠪᠠᠩᠬᠢ ᠶᠢᠨ ᠳᠠᠷᠤᠭ᠎ᠠ ᠱᠧᠨ ᠵᠢᠶᠧ ᠬᠤᠷᠠᠯ ᠳᠤ ᠣᠷᠣᠯᠴᠠᠵᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠲᠦᠩᠯᠢᠶᠣᠤ ᠶᠢᠨ ᠬᠤᠪᠢᠶᠠᠷᠢ ᠪᠠᠩᠬᠢ᠂ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠵᠠᠷᠤᠳ ᠬᠤᠰᠢᠭᠤᠨ ᠤ ᠰᠠᠯᠪᠤᠷᠢ ᠪᠠᠩᠬᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠰᠠᠭᠤᠳᠠᠯ ᠤᠨ ᠬᠤᠷᠠᠯ ᠳᠤ ᠣᠷᠣᠯᠴᠠᠪᠠ᠃
431afeb4106d92fc48757359a86d212.jpg
      ᠬᠤᠷᠠᠯ ᠳᠡᠭᠡᠷ᠎ᠡ᠂ ᠪᠦᠦ ᠸᠧᠨ ᠯᠠᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠲᠦᠩᠯᠢᠶᠣᠤ ᠬᠤᠲᠠ ᠶᠢᠨ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠱᠧᠨ ᠵᠢᠶᠧ ᠶᠢᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠵᠠᠷᠤᠳ ᠬᠤᠰᠢᠭᠤᠨ ᠤ ᠬᠥᠭᠵᠢᠯᠲᠡ ᠨᠢ ᠪᠦᠲᠦᠭᠡᠨ ᠪᠠᠶᠢᠭᠤᠯᠤᠯᠲᠠ ᠶᠢᠨ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠦᠴᠦᠲᠡᠶ ᠳᠡᠮᠵᠢᠯᠭᠡ ᠠᠴᠠ ᠰᠠᠯᠵᠤ ᠴᠢᠳᠠᠬᠤ ᠦᠭᠡᠢ᠂ ᠪᠦᠲᠦᠭᠡᠨ ᠪᠠᠶᠢᠭᠤᠯᠤᠯᠲᠠ ᠶᠢᠨ ᠪᠠᠩᠬᠢ ᠥᠩᠭᠡᠷᠡᠭᠰᠡᠨ ᠲᠠᠢ ᠪᠠᠨ ᠠᠳᠠᠯᠢ ᠪᠠᠷ ᠵᠠᠷᠤᠳ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠦᠢᠯᠡᠴᠢᠯᠡᠭᠡᠨ ᠤ ᠣᠷᠴᠢᠨ ᠨᠦᠬᠦᠴᠡᠯ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠵᠠᠷᠤᠳ ᠬᠤᠰᠢᠭᠤᠨ ᠳᠠᠬᠢ ᠲᠤᠬᠠᠶᠢᠯᠠᠭᠰᠠᠨ ᠠᠵᠢᠯ ᠢᠶᠠᠨ ᠥᠷᠭᠡᠳᠬᠡᠬᠦ ᠪᠠ ᠡᠷᠡᠭᠦᠯ ᠢᠶᠠᠷ ᠬᠥᠭᠵᠢᠬᠦ ᠳᠤ ᠠᠰᠢᠭᠲᠠᠶ ᠨᠥᠬᠦᠴᠡᠯ ᠡᠭᠦᠳᠴᠦ᠂ ᠣᠷᠣᠨ ᠨᠤᠲᠤᠭ ᠤᠨ ᠠᠵᠤ ᠠᠬᠤᠶ ᠬᠢᠭᠡᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠥᠷᠳᠡᠬᠦ ᠰᠢᠨ᠎ᠡ ᠪᠠᠶᠢᠳᠠᠯ ᠢ ᠬᠠᠮᠲᠤ ᠪᠠᠷ ᠡᠭᠦᠳᠶ᠎ᠡ ᠭᠡᠪᠡ᠃     ᠬᠤᠷᠠᠯ ᠳᠡᠭᠡᠷ᠎ᠡ᠂ ᠱᠧᠨ ᠵᠢᠶᠧ ᠪᠠᠩᠬᠢ ᠶᠢᠨ ᠪᠣᠳᠠᠲᠠᠶ ᠲᠤᠬᠠᠶᠢᠯᠠᠭᠰᠠᠨ ᠠᠵᠢᠯ ᠵᠡᠷᠭᠡ ᠦᠨᠳᠦᠰᠦᠨ ᠪᠠᠶᠢᠳᠠᠯ ᠢ ᠨᠠᠷᠢᠨ ᠲᠠᠨᠢᠯᠴᠠᠭᠤᠯᠪᠠ᠂ ᠲᠡᠷᠡ᠂ ᠪᠠᠩᠬᠢ ᠶᠢᠨ ᠳᠠᠪᠠᠭᠤᠯᠢᠭ ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠬᠠᠮᠲᠤᠷᠠᠯᠴᠠᠭᠠᠨ ᠤ ᠵᠠᠭᠪᠤᠷ ᠪᠠ ᠢᠲᠡᠭᠡᠮᠵᠢᠲᠦ ᠵᠢᠭᠡᠯᠡᠯᠭᠡ ᠶᠢᠨ ᠵᠠᠭᠪᠤᠷ ᠶᠢᠨ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠨᠡᠪᠲᠡᠷᠡᠯᠴᠡᠭᠡ ᠪᠠᠨ ᠴᠢᠩᠭᠠᠳᠬᠠᠨ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠨᠠᠩ ᠰᠢᠯᠢᠳᠡᠭ ᠮᠥᠩᠭᠦᠨ ᠭᠦᠢᠯᠭᠡᠭᠡᠨ ᠤ ᠦᠢᠯᠡᠴᠢᠯᠡᠭᠡ ᠪᠠᠷ ᠵᠠᠷᠤᠳ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠭᠡᠵᠦ ᠢᠯᠡᠳᠬᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号