ᠵᠠᠷᠤᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ ᠤᠨ ᠰᠢᠭᠤᠳ ᠨᠡᠪᠲᠡᠷᠡᠭᠦᠯᠭᠡ ᠶᠢᠨ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠬᠤ ᠠᠵᠢᠯ ᠶᠢᠨ ᠵᠣᠯᠭᠠᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2024/5/30
    5 ᠰᠠᠷ᠎ᠠ ᠶᠢᠨ 28 ᠤ ᠡᠳᠦᠷ᠂ ᠵᠠᠷᠤᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ ᠤᠨ ᠰᠢᠭᠤᠳ ᠨᠡᠪᠲᠡᠷᠡᠭᠦᠯᠭᠡ ᠶᠢᠨ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠬᠤ ᠠᠵᠢᠯ ᠶᠢᠨ ᠵᠣᠯᠭᠠᠭᠤᠯᠬᠤ ᠬᠤᠷᠠᠯ ᠬᠢᠪᠡ᠃ ᠵᠠᠩ ᠦᠢᠯᠡ ᠶᠢᠨ ᠤᠬᠠᠭᠠᠨ ᠤ ᠲᠤᠰᠬᠠᠶ ᠮᠡᠷᠭᠡᠵᠢᠯᠲᠡᠨ᠂ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠤᠭᠴᠢ ᠪᠠ᠊ · ᠪᠥᠬᠡᠴᠢᠯᠠᠭᠤ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠣᠷᠴᠢᠭᠤᠯᠭ᠎ᠠ ᠶᠢᠨ ᠲᠥᠪ ᠤᠨ ᠲᠥᠯᠥᠪᠯᠡᠭᠡ ᠶᠢᠨ ᠬᠡᠯᠲᠡᠰ ᠤᠨ ᠡᠷᠬᠢᠯᠡᠭᠴᠢ ᠲᠧᠯᠸᠢᠰ ᠤᠳᠤᠷᠢᠳᠤᠭᠠᠴᠢ ᠰᠤᠳᠥᠪᠢᠯᠢᠭ᠂ ᠬᠤᠰᠢᠭᠤᠨ ᠤ ᠤᠳᠤᠷᠢᠳᠤᠯᠭ᠎ᠠ ᠪᠦᠦ ᠸᠧᠨ ᠯᠠᠨ᠂ ᠮᠦ ᠲᠢᠶᠧ ᠮᠢᠨ᠂ ᠪᠦᠦ ᠯᠦᠩ ᠪᠣᠯᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠠᠵᠢᠯᠲᠠᠳ ᠠᠷᠪᠠᠨ ᠵᠢᠷᠭᠤᠳᠤᠭᠠᠷ ᠬᠤᠭᠤᠴᠠᠭᠠᠨ ᠤ ᠨᠠᠭᠠᠳᠤᠮ ᠤᠨ ᠬᠤᠷᠠᠯ ᠤᠨ ᠡᠬᠢᠯᠡᠯᠲᠡ ᠶᠢᠨ ᠶᠣᠰᠣᠯᠠᠯ ᠤᠨ ᠲᠥᠰᠦᠯ ᠢ ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠳ ᠠᠵᠢᠯᠯᠠᠭ᠎ᠠ ᠶᠢᠨ ᠭᠤᠣᠯ ᠰᠡᠳᠦᠪ᠂ ᠲᠠᠯᠠᠪᠤᠷ ᠭᠠᠵᠠᠷ ᠤᠨ ᠪᠠᠶᠢᠷᠢᠯᠠᠭᠤᠯᠤᠯᠲᠠ᠂ ᠡᠬᠢᠯᠡᠯᠲᠡ ᠶᠢᠨ ᠶᠣᠰᠣᠯᠠᠯ ᠤᠨ ᠠᠭᠤᠯᠭ᠎ᠠ᠂ ᠡᠬᠢᠯᠡᠯᠲᠡ ᠶᠢᠨ   ᠬᠦᠲᠦᠯᠪᠦᠷᠢ᠂ ᠤᠬᠠᠭᠤᠯᠭ᠎ᠠ ᠶᠢᠨ ᠠᠷᠭ᠎ᠠ ᠪᠤᠳᠤᠯᠭ᠎ᠠ ᠵᠡᠷᠭᠡ ᠲᠠᠯ᠎ᠠ ᠪᠠᠷ ᠶᠠᠷᠢᠯᠴᠠᠨ ᠰᠣᠯᠢᠯᠴᠠᠪᠠ᠃    ᠪᠦᠦ ᠸᠧᠨ ᠯᠠᠨ ᠴᠢᠬᠤᠯᠠᠴᠢᠯᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠣᠳᠬᠠᠬᠤ ᠭᠤᠣᠯ ᠰᠢᠵᠢᠮ ᠢ ᠳᠤᠪᠤᠶᠢᠯᠭᠠᠵᠤ᠂ ︽ᠦᠵᠡᠰᠭᠦᠯᠡᠩᠲᠦ ᠰᠠᠶᠢᠬᠠᠨ ᠬᠤᠷᠴᠢᠨ   ᠲᠠᠩᠰᠤᠭ ᠪᠠᠶᠠᠯᠢᠭ ᠵᠠᠷᠤᠳ︾ ᠵᠢᠭᠤᠯᠴᠢᠯᠠᠯ ᠤᠨ ᠣᠷᠣᠨ ᠪᠦᠰᠡ ᠶᠢᠨ ᠲᠦᠷᠦᠯ ᠲᠡᠮᠳᠡᠭ ᠢ ᠡᠭᠦᠳᠴᠦ᠂ ᠠᠬᠤᠢ ᠣᠷᠴᠢᠨ ᠤ ᠵᠦᠴᠦᠭᠡ᠂ ᠤᠷᠠᠨ ᠰᠠᠶᠢᠬᠠᠨ ᠤ ᠲᠣᠭᠯᠠᠯᠲᠠ ᠵᠡᠷᠭᠡ ᠠᠭᠤᠯᠭ᠎ᠠ ᠶᠢ ᠨᠡᠮᠡᠵᠦ᠂ ᠨᠠᠭᠠᠳᠣᠮ ᠤᠨ ᠬᠤᠷᠠᠯ ᠢᠶᠠᠷ ᠠᠴᠢᠶᠠᠯᠠᠪᠤᠷᠢ ᠪᠣᠯᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠪᠦᠲᠦᠮᠵᠢᠲᠡᠢ ᠲᠠᠪᠴᠠᠩ ᠢ ᠪᠠᠶᠢᠭᠤᠯᠬᠤ ᠬᠡᠷᠡᠭᠲᠡᠢ᠃ ᠵᠠᠮ ᠲᠡᠭᠡᠭᠡᠪᠦᠷᠢ᠂ ᠠᠮᠢᠳᠤᠷᠠᠯ ᠤᠨ ᠪᠠᠲᠤᠯᠠᠭ᠎ᠠ ᠵᠡᠷᠭᠡ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠨᠢᠭᠡᠳᠦᠯᠲᠡᠢ ᠲᠤᠬᠢᠷᠠᠭᠤᠯᠵᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ᠂ ᠦᠪᠡᠷ ᠦᠪᠡᠷ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠦᠪᠡᠷ ᠦᠪᠡᠷ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠷᠤᠳ ᠰᠣᠶᠣᠯ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠪᠠᠶᠢᠳᠠᠯ ᠢ ᠴᠢᠷᠮᠠᠶᠢᠨ ᠢᠯᠡᠷᠡᠭᠦᠯᠬᠦ ᠬᠡᠷᠡᠭᠲᠡᠢ᠃ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠬᠠᠭᠤᠳᠠᠰᠤ᠂ ᠰᠢᠨ᠎ᠡ ᠠᠮᠵᠢᠯᠲᠠ ᠶᠢ ᠣᠯᠠᠨ ᠲᠠᠯ᠎ᠠ ᠠᠴᠠ ᠮᠡᠳᠡᠭᠡᠯᠡᠵᠦ᠂ ᠨᠠᠷᠠᠲᠤ ᠲᠡᠮᠳᠡᠭᠲᠦ ᠶᠢᠨ ᠤᠬᠠᠭᠤᠯᠭ᠎ᠠ᠂ ᠦᠢᠯᠡᠳᠬᠦᠨ ᠤ ᠲᠠᠨᠢᠯᠴᠠᠭᠤᠯᠭ᠎ᠠ᠂ ᠰᠣᠶᠣᠯ ᠤᠨ ᠦᠵᠡᠭᠦᠯᠦᠯᠭᠡ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠠᠷᠠᠲᠤ ᠲᠡᠮᠳᠡᠭᠲᠦ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠪᠡ᠃   
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号