ᠵᠠᠷᠤᠳ ᠬᠤᠰᠢᠭᠤ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠨᠢᠭᠡᠲᠦᠯᠲᠡᠢ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2024/5/30
    2024 ᠣᠨ ᠳᠤ ᠪᠥᠬᠦ ᠤᠯᠤᠰ ᠤᠨ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠨᠢᠭᠡᠲᠦᠯᠲᠡᠢ ᠰᠢᠯᠭᠠᠯᠲᠠ ᠨᠢᠭᠡᠨᠲᠡ ᠵᠠᠩᠭᠢᠯᠠᠭ᠎ᠠ ᠶᠢᠨ ᠱᠠᠲᠤᠨ ᠳᠤ ᠣᠷᠣᠪᠠ᠂ ᠡᠨᠡ ᠵᠢᠯ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠤᠨ ᠠᠮᠤᠷ ᠲᠦᠪᠰᠢᠨ᠂ ᠲᠣᠭᠲᠠᠭᠤᠨ᠂ ᠤᠷᠤᠭᠰᠢᠲᠠᠶ ᠪᠡᠶᠡᠯᠡᠭᠳᠡᠬᠦ ᠶᠢ ᠪᠠᠲᠤᠯᠠᠬᠤ ᠶᠢᠨ ᠲᠥᠯᠥᠭᠡ᠂ 5 ᠰᠠᠷ᠎ᠠ ᠶᠢᠨ 28 ᠤ ᠡᠳᠦᠷ᠂ ᠵᠠᠷᠤᠳ ᠬᠤᠰᠢᠭᠤᠨ ᠤ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠨᠢᠭᠡᠲᠦᠯᠲᠡᠢ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠬᠤᠷᠠᠯ ᠬᠢᠪᠡ ᠃ ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠠᠴᠠ ᠂ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠪᠣᠯ ᠤᠯᠤᠰ ᠤᠨ ᠴᠢᠳᠠᠪᠤᠷᠢᠲᠠᠨ ᠰᠢᠯᠢᠨ ᠰᠣᠩᠭᠤᠬᠤ ᠴᠢᠬᠤᠯᠠ ᠠᠷᠭ᠎ᠠ ᠵᠠᠮ ᠮᠥᠨ᠂ ᠪᠠᠰᠠ ᠴᠤ ᠥᠷᠭᠡᠨ ᠣᠯᠠᠨ ᠰᠤᠷᠤᠭᠴᠢᠳ ᠤᠨ ᠰᠤᠷᠤᠯᠭ᠎ᠠ ᠳᠠᠪᠰᠢᠬᠤ ᠴᠢᠬᠤᠯᠠ ᠱᠠᠲᠤ ᠮᠥᠨ᠂ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠰᠤᠷᠭᠠᠨ ᠬᠥᠮᠦᠵᠢᠯ ᠤᠨ ᠡᠷᠬᠡ ᠲᠡᠭᠰᠢ ᠪᠠ ᠨᠡᠶᠢᠭᠡᠮ ᠤᠨ ᠲᠣᠭᠲᠠᠭᠤᠨ ᠲᠠᠢ ᠬᠤᠯᠪᠣᠭᠳᠠᠵᠤ ᠪᠠᠶᠢᠳᠠᠭ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠢᠨ ᠣᠳᠣᠬᠠᠨ ᠤ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠠᠵᠢᠯ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠰᠡᠷᠭᠡᠭ ᠢᠶᠠᠷ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠵᠢᠴᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠦᠳᠲᠡᠷ ᠲᠦᠷᠭᠡᠨ ᠨᠢᠭᠡᠳᠬᠡᠵᠦ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠳᠡᠭᠡᠲᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ︽ᠠᠮᠤᠷ ᠲᠦᠪᠰᠢᠨ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ︾ ᠶᠢᠨ ᠵᠠᠷᠴᠢᠮ ᠢ ᠴᠢᠩᠭ᠎ᠠ ᠵᠢᠷᠤᠮᠯᠠᠨ᠂ ᠦᠪᠡᠷ ᠦᠪᠡᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠲᠤᠷᠠᠨ ᠬᠠᠮᠵᠢᠯᠴᠠᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠮᠤᠷ ᠲᠦᠪᠰᠢᠨ ᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠪᠤᠳᠣᠯ ᠢ ᠦᠨᠡᠨᠬᠦ ᠴᠢᠩᠭᠠᠳᠬᠠᠵᠤ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ᠂ ᠨᠠᠩ ᠨᠠᠷᠢᠨ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠤᠨ ᠠᠮᠤᠷ ᠲᠦᠪᠰᠢᠨ ᠪᠥᠭᠡᠳ ᠲᠣᠭᠲᠠᠭᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠵᠢᠭᠠᠪᠣᠷᠢᠯᠠᠪᠠ᠃    ᠬᠤᠷᠠᠯ ᠠᠴᠠ᠂ ᠡᠯ᠎ᠡ ᠪᠦᠷᠢᠯᠳᠦᠬᠦᠨ ᠨᠢᠭᠡᠴᠡ ᠶᠢᠨ ᠬᠢᠨ ᠦᠪᠡᠷ ᠦᠪᠡᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠰᠢᠯᠭᠠᠯᠲᠠ ᠶᠢᠨ ᠶᠠᠪᠤᠳᠠᠯ ᠤᠨ ᠠᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠢᠨᠠᠯᠲᠠ᠂ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ᠂ ᠬᠤᠳᠠ ᠶᠢᠨ ᠲᠣᠭᠤᠷᠢᠭ ᠤᠨ ᠵᠠᠮ ᠢ ᠰᠠᠭᠠᠳ ᠦᠭᠡᠢ ᠨᠡᠪᠲᠡᠷᠡᠭᠦᠯᠬᠦ᠂ ᠭᠡᠨᠡᠳᠲᠡ ᠶᠢᠨ ᠬᠡᠷᠡᠭ ᠢ ᠰᠢᠢᠳᠪᠦᠷᠢᠯᠡᠬᠦ᠂ ᠲᠥᠬᠦᠭᠡᠷᠦᠮᠵᠢ ᠶᠢ ᠪᠠᠶᠢᠴᠠᠭᠠᠨ ᠵᠠᠰᠠᠬᠤ ᠪᠠ ᠬᠠᠮᠠᠭᠠᠯᠠᠬᠤ᠂ ᠴᠠᠬᠢᠯᠭᠠᠨ ᠬᠦᠴᠦᠨ ᠢ ᠪᠠᠲᠤᠯᠠᠬᠤ ᠵᠡᠷᠭᠡ ᠬᠠᠮᠢᠶ᠎ᠠ ᠪᠦᠬᠦᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠥᠷᠭᠡᠨ ᠤᠯᠠᠨ ᠰᠢᠯᠭᠠᠭᠰᠠᠳ ᠲᠤ ᠰᠠᠶᠢᠨ ᠰᠠᠶᠢᠬᠠᠨ ᠰᠢᠯᠭᠠᠯᠲᠠ ᠶᠢᠨ ᠣᠷᠴᠢᠨ ᠨᠦᠬᠦᠴᠡᠯ ᠢ ᠬᠠᠮᠲᠤᠪᠠᠷ ᠡᠭᠦᠳᠴᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠳᠡᠭᠡᠷ᠎ᠡ ᠪᠠᠰᠠ 2024 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠪᠣᠰᠣᠳ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠡᠯ᠎ᠡ ᠰᠠᠯᠠᠭ᠎ᠠ ᠮᠦᠴᠢᠷ ᠬᠢᠨ  ᠲᠠᠢ ᠬᠠᠷᠢᠭᠤᠴᠠᠯᠭ᠎ᠠ ᠶᠢᠨ ᠪᠢᠴᠢᠭ ᠲᠤ ᠭᠡᠷ ᠤᠨ ᠦᠰᠦᠭ ᠵᠢᠷᠣᠪᠠ᠃   
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号