| 5 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ | ᠬᠤᠰᠢᠭᠤᠨ ᠳᠠᠷᠤᠭ᠎ᠠ ᠮᠦ ᠲᠢᠶᠧ ᠮᠢᠨ ᠪᠦᠯᠬᠦᠮ ᠳᠠᠭᠠᠭᠤᠯᠤᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠲᠠᠢ ᠬᠠᠮᠲᠤ ᠯᠦᠪᠸᠢ ᠪᠠᠯᠭᠠᠰᠤᠨ ᠤ ᠪᠤᠯᠠᠭ ᠭᠠᠴᠠᠭᠠᠨ ᠳᠤ ᠭᠦᠨᠵᠡᠭᠡᠶᠢᠷᠡᠨ ᠰᠣᠶᠣᠯ | ᠵᠢᠭᠤᠯᠴᠢᠯᠠᠯ ᠤᠨ ᠭᠤᠣᠯᠳᠠᠯᠭ᠎ᠠ ᠲᠠᠢ ᠲᠥᠷᠥᠯ ᠵᠦᠢᠯ ᠢ ᠬᠢᠨᠠᠨ ᠵᠢᠯᠤᠭᠤᠳᠴᠤ ᠪᠠᠶᠢᠴᠠᠭᠠᠨ ᠰᠤᠳᠣᠯᠪᠠ᠂ | ᠪᠠᠯᠭᠠᠰᠤᠨ ᠤ ᠨᠠᠮ ᠵᠠᠰᠠᠭ ᠤᠨ ᠤᠳᠤᠷᠢᠳᠤᠯᠭ᠎ᠠ ᠪᠠᠷ᠎ᠠ ᠪᠣᠯᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ | ᠬᠤᠯᠪᠣᠭᠳᠠᠭᠰᠠᠨ ᠭᠠᠵᠠᠷ ᠲᠤ ᠭᠦᠨᠵᠡᠭᠡᠶᠢᠷᠡᠵᠦ᠂ ᠬᠠᠷᠢᠭᠤ ᠮᠡᠳᠡᠭᠦᠯᠦᠯᠲᠡ ᠰᠣᠨᠣᠰᠬᠤ ᠪᠠ ᠠᠬᠤᠢ ᠭᠠᠵᠠᠷ ᠲᠤᠨᠢ | ᠪᠠᠶᠢᠴᠠᠭᠠᠨ ᠦᠵᠡᠬᠦ ᠠᠷᠭ᠎ᠠ ᠮᠠᠶ᠋ᠢᠭ ᠢᠶᠠᠷ ᠳᠠᠮᠵᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠮᠦᠨᠡᠬᠢ | ᠬᠤᠭᠤᠴᠠᠭᠠᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠪᠣᠳᠠᠲᠠᠢ ᠰᠠᠨᠠᠯ ᠪᠠ | ᠰᠠᠨᠠᠭᠤᠯᠭ᠎ᠠ ᠳᠤᠷᠠᠳᠪᠠ᠃ | ᠮᠦ ᠲᠢᠶᠧ ᠮᠢᠨ ᠴᠢᠬᠤᠯᠠᠴᠢᠯᠠᠭᠰᠠᠨ ᠨᠢ᠂ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠬᠦ | ᠪᠣᠯ ᠮᠠᠨ ᠤ ᠬᠤᠰᠢᠭᠤᠨ ᠤ ᠭᠤᠣᠯᠳᠠᠯᠭ᠎ᠠ ᠲᠠᠢ ᠴᠣᠭᠴᠠᠯᠠᠨ ᠪᠠᠶᠢᠭᠤᠯᠬᠤ ᠲᠥᠷᠥᠯ ᠵᠦᠢᠯ ᠮᠥᠨ᠂ ᠪᠥᠬᠦ | ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠠ ᠣᠯᠠᠨ ᠲᠦᠮᠡᠨ ᠤ ᠬᠤᠪᠢ ᠶᠢᠨ ᠠᠰᠢᠭ ᠲᠤᠰᠠ ᠳᠤ | ᠬᠤᠯᠪᠣᠭᠳᠠᠵᠤ ᠪᠠᠶᠢᠳᠠᠭ᠂ ᠯᠦᠪᠧᠢ ᠪᠠᠯᠭᠠᠰᠤ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨ | ᠬᠦ ᠡᠭᠦᠷᠭᠡᠯᠡᠵᠦ᠂ ᠪᠣᠳᠠᠲᠠᠢ ᠳᠤ ᠰᠠᠭᠤᠷᠢᠯᠠᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠮᠦᠨᠡᠬᠢ | ᠬᠤᠭᠤᠴᠠᠭᠠᠨ ᠤ ᠭᠠᠵᠠᠷ ᠰᠢᠷᠣᠢ ᠲᠠᠲᠠᠪᠤᠷᠢᠯᠠᠬᠤ ᠪᠠ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ | ᠰᠠᠶᠢᠲᠤᠷ ᠬᠢᠬᠦ ᠬᠡᠷᠡᠭᠲᠡᠢ᠃ ᠨᠢᠭᠡ ᠳᠤ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠰᠣᠶᠣᠯ ᠵᠢᠭᠤᠯᠴᠢᠯᠠᠯ ᠤᠨ ᠭᠤᠣᠯᠳᠠᠯᠭ᠎ᠠ ᠲᠠᠢ ᠲᠥᠷᠥᠯ ᠵᠦᠢᠯ ᠢ ᠪᠦᠲᠦᠭᠡᠨ ᠪᠠᠶᠢᠭᠤᠯᠬᠤ ᠴᠢᠬᠤᠯᠠ ᠶᠡᠭᠡ | ᠠᠴᠢ ᠬᠤᠯᠪᠣᠭᠳᠠᠯ ᠢ ᠭᠦᠢᠴᠡᠳ ᠲᠠᠨᠢᠵᠤ᠂ ᠬᠠᠮᠲᠤ ᠶᠢᠨ ᠲᠠᠨᠢᠯᠲᠠ ᠪᠠᠨ ᠴᠢᠩᠭᠠᠳᠬᠠᠨ ᠨᠢᠭᠲᠠᠷᠠᠭᠤᠯᠤᠨ᠂ | ᠦᠢᠯᠡᠴᠢᠯᠡᠭᠡᠨ ᠤ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠠᠵᠢᠯ ᠤᠨ ᠳᠤᠮᠳᠠᠬᠢ ᠬᠦᠴᠢᠷ ᠠᠰᠠᠭᠤᠳᠠᠯ ᠢ ᠢᠯᠠᠨ | ᠳᠠᠪᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠰᠠᠶᠢᠨ ᠰᠠᠭᠤᠷᠢ ᠲᠠᠯᠪᠢᠵᠤ ᠥᠭᠬᠦ ᠬᠡᠷᠡᠭᠲᠡᠢ᠃ | ᠬᠤᠶᠠᠷ ᠲᠤ᠂ ᠤᠯᠠᠨ ᠲᠦᠮᠡᠨ ᠤ ᠠᠵᠢᠯ ᠢ ᠨᠠᠷᠢᠨ ᠨᠢᠮᠪᠠᠢ ᠬᠢᠵᠦ᠂ ᠲᠦᠷᠦ ᠶᠢᠨ ᠪᠣᠳᠣᠯᠭ᠎ᠠ ᠶᠢ ᠤᠬᠠᠭᠤᠯᠬᠤ | ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠤᠯᠠᠨ | ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠲᠣᠰᠬᠤᠨ ᠤ ᠺᠠᠳ᠋ᠷ᠂ ᠨᠠᠮ ᠤᠨ ᠭᠡᠰᠢᠭᠦᠨ | ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠢᠳᠡᠪᠬᠢᠲᠡᠢ | ᠬᠠᠮᠵᠢᠯᠴᠠᠭᠤᠯᠵᠤ᠂ ᠬᠠᠮᠤᠭ ᠤᠨ ᠶᠡᠭᠡ ᠬᠡᠮᠵᠢᠶ᠎ᠡ ᠪᠠᠷ ᠤᠯᠠᠨ ᠲᠦᠮᠡᠨ ᠤ ᠳᠡᠮᠵᠢᠯᠭᠡ ᠶᠢ ᠣᠯᠬᠤ ᠬᠡᠷᠡᠭᠲᠡᠢ᠃ | ᠭᠤᠷᠪᠠ ᠳᠤ᠂ ᠠᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠡᠯ᠎ᠡ ᠰᠠᠯᠠᠭ᠎ᠠ ᠮᠥᠴᠢᠷ ᠤᠨ | ᠬᠤᠭᠤᠷᠣᠨᠳᠣᠬᠢ ᠵᠣᠬᠢᠴᠠᠭᠤᠯᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ | ᠪᠦᠷᠢᠯᠳᠦᠭᠦᠯᠵᠦ᠂ ᠠᠵᠢᠯ ᠤᠨ ᠡᠭᠦᠷᠭᠡ ᠶᠢ ᠨᠠᠷᠢᠯᠢᠭᠵᠢᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ | ᠨᠢᠭᠲᠠ ᠠᠩᠬᠠᠷᠴᠤ᠂ ᠲᠦᠷᠦ ᠶᠢᠨ ᠪᠣᠳᠣᠯᠭ᠎ᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠣᠭᠲᠠᠭᠰᠠᠨ ᠬᠤᠭᠤᠴᠠᠭᠠᠨ ᠳᠤ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠪᠡ᠃ | | | |