| ᠪᠠᠰᠠ ᠨᠢᠭᠡ ᠵᠢᠯ ᠤᠨ ᠬᠠᠪᠤᠷ ᠪᠣᠯᠴᠢᠬᠠᠯ᠎ᠠ᠂ ᠪᠠᠶᠠᠨᠲᠠᠯ᠎ᠠ ᠰᠤᠮᠤ ᠶᠢᠨ ᠬᠤᠩ ᠭᠤᠸᠠᠩ ᠲᠣᠰᠬᠤᠨ ᠳᠤ 30 | ᠭᠠᠷᠤᠢ ᠮᠦ ᠬᠤᠨᠴᠢᠷ ᠬᠤᠷᠢᠶᠠᠬᠤ ᠪᠠᠷ ᠶᠠᠭᠠᠷᠠᠯᠳᠤᠵᠤ᠂ ᠲᠣᠰᠬᠤᠨ ᠤ ᠠᠷᠠᠳ ᠲᠠᠷᠢᠶᠠᠨ ᠳᠠᠭᠠᠨ ᠬᠤᠨᠴᠢᠷ | ᠮᠠᠯᠲᠠᠬᠤ ᠪᠠᠷ ᠪᠡᠯᠡᠳᠬᠡᠪᠡ᠃ | ᠬᠤᠨᠴᠢᠷ ᠤᠨ ᠴᠢᠨᠠᠷ ᠰᠡᠷᠢᠭᠦᠨ᠂ ᠬᠦᠢᠲᠡᠨ ᠳᠤ ᠲᠡᠰᠪᠦᠷᠢᠲᠡᠢ ᠭᠠᠩ ᠬᠠᠭᠤᠷᠠᠢ ᠳᠤ ᠲᠡᠰᠪᠦᠷᠢᠲᠡᠢ᠂ | ᠬᠠᠯᠠᠭᠤᠨ ᠠᠴᠠ ᠠᠶᠣᠳᠠᠭ ᠤᠰᠤᠲᠤᠯ ᠠᠴᠠ ᠠᠶᠤᠳᠠᠭ ᠪᠣᠯᠬᠤᠷ ᠬᠥᠷᠥᠰᠥᠨ ᠤ ᠳᠠᠪᠬᠤᠷᠭ᠎ᠠ ᠨᠢ ᠭᠦᠨ ᠵᠤᠵᠠᠭᠠᠨ᠂ | ᠢᠯᠵᠢᠮᠡᠭ ᠡᠯᠪᠡᠭ᠂ ᠤᠰᠤ ᠨᠡᠪᠲᠡᠷᠡᠬᠦ ᠬᠦᠴᠦᠨ ᠢᠶᠠᠷ ᠴᠢᠩᠭ᠎ᠠ ᠡᠯᠡᠰᠦᠷᠬᠡᠭ ᠬᠥᠷᠥᠰᠥᠨ ᠳᠤ ᠳᠠᠷᠢᠬᠤ ᠳᠤ | ᠲᠣᠬᠢᠷᠠᠮᠵᠢᠲᠠᠢ ᠪᠠᠶᠢᠳᠠᠭ᠃ ᠬᠤᠨᠴᠢᠷ ᠤᠨ ᠡᠮ ᠳᠤ ᠬᠡᠷᠡᠭᠯᠡᠬᠦ ᠦᠨ᠎ᠡ ᠥᠷᠲᠡᠭ ᠥᠨᠳᠥᠷ᠂ ᠪᠡᠶ᠎ᠡ ᠮᠠᠬᠠᠪᠤᠳ ᠢ | ᠰᠢᠮᠡᠵᠢᠭᠦᠯᠵᠦ᠂ ᠰᠢᠨ᠎ᠡ ᠬᠠᠭᠤᠴᠢᠨ ᠤ ᠰᠣᠯᠢᠯᠴᠠᠭ᠎ᠠ ᠶᠢ ᠠᠬᠢᠭᠤᠯᠬᠤ ᠪᠠ ᠴᠢᠰᠤᠨ ᠴᠠᠶᠢᠪᠠᠩ ᠤᠨ ᠰᠢᠨᠡᠴᠢᠯᠡᠯᠲᠡ ᠶᠢ | ᠠᠬᠢᠭᠤᠯᠵᠤ᠂ ᠴᠢᠰᠤ ᠳᠤᠲᠠᠬᠤ ᠵᠡᠷᠭᠡ ᠰᠢᠨᠵᠢ ᠲᠡᠮᠳᠡᠭ ᠢ ᠰᠠᠶᠢᠵᠢᠷᠠᠭᠤᠯᠤᠨ᠎ᠠ᠃ | ᠣᠶᠢᠯᠠᠭᠠᠭᠰᠠᠨ ᠢᠶᠠᠷ᠂ ᠣᠶ ᠶᠢᠨ ᠬᠤᠷᠮᠣᠢ ᠶᠢᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠭᠠᠵᠠᠷ | ᠰᠢᠷᠣᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠪᠠᠶᠠᠨᠲᠠᠯ᠎ᠠ ᠰᠤᠮᠤ ᠶᠢᠨ | ᠬᠤᠩ ᠭᠤᠸᠠᠩ ᠲᠣᠰᠬᠤᠨ ᠤ ᠬᠢᠨ ᠠᠮᠢ ᠠᠬᠤᠢ ᠶᠢᠨ ᠡᠬᠢ ᠪᠠᠶᠠᠯᠢᠭ ᠤᠨ ᠬᠥᠭᠵᠢᠯᠲᠡ ᠶᠢᠨ ᠳᠠᠯᠳᠠ ᠬᠦᠴᠦᠨ ᠢ | ᠢᠳᠡᠪᠬᠢᠲᠡᠢ ᠪᠠᠷ ᠠᠭᠤᠳᠠᠯᠵᠤ᠂ ᠡᠯᠪᠡᠭ ᠪᠠᠶᠠᠯᠢᠭ ᠣᠶᠢᠲᠤ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠲᠤ | ᠲᠦᠰᠢᠭᠯᠡᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠶ ᠶᠢᠨ ᠬᠤᠷᠮᠣᠢ ᠶᠢᠨ ᠠᠵᠤ ᠠᠬᠤᠢ ᠶᠢ | ᠬᠥᠭᠵᠢᠭᠦᠯᠵᠦ᠂ ︽ᠣᠶ ᠰᠢᠭᠤᠢ + ᠡᠮ︾ ᠤᠨ ᠣᠨᠴᠠᠯᠢᠭᠲᠤ ᠲᠠᠷᠢᠮᠠᠯ ᠤᠨ ᠦᠢᠯᠡᠰ ᠢ ᠬᠥᠲᠥᠯᠥᠨ ᠵᠢᠯᠤᠭᠤᠳᠴᠤ | ᠂ ᠬᠢᠲᠠᠳ ᠡᠮ ᠤᠨ ᠮᠠᠲ᠋ᠧᠷᠢᠶᠠᠯ ᠤᠨ ᠳᠠᠷᠢᠵᠤ ᠦᠢᠯᠡᠳᠪᠦᠷᠢᠯᠡᠬᠦ ᠦᠷ᠎ᠡ ᠠᠰᠢᠭ ᠢ ᠨᠡᠮᠡᠭᠳᠡᠭᠦᠯᠪᠡ᠃ ᠲᠤᠰᠬᠠᠢ | ᠮᠡᠷᠭᠡᠵᠢᠯᠲᠡᠨ ᠤ ᠵᠢᠯᠣᠭᠤᠳᠤᠯᠭ᠎ᠠ ᠳᠣᠣᠷ᠎ᠠ ᠬᠤᠨᠴᠢᠷ ᠢ ᠲᠤᠷᠰᠢᠨ ᠲᠠᠷᠢᠵᠤ᠂ ᠡᠮᠦᠨᠡᠬᠢ ᠬᠤᠭᠤᠴᠠᠭᠠᠨ ᠤ ᠳᠠᠷᠢᠵᠤ | ᠤᠷᠭᠤᠭᠤᠯᠬᠤ ᠠᠴᠠ ᠲᠠᠷᠢᠶᠠᠨ ᠭᠠᠵᠠᠷ ᠤᠨ ᠬᠠᠮᠢᠶᠠᠷᠤᠯᠲᠠ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ | ᠵᠠᠰᠠᠬᠤ ᠬᠦᠷᠲᠡᠯ᠎ᠡ᠂ ᠣᠲᠣ ᠡᠴᠦᠰ ᠲᠡᠭᠡᠨ ᠬᠤᠷᠢᠶᠠᠯᠲᠠ ᠶᠢᠨ ᠣᠯᠠᠷᠢᠯ ᠪᠣᠯᠬᠤ ᠳᠤ ᠭᠤᠷᠪᠠᠨ ᠵᠢᠯ ᠭᠠᠷᠤᠢ ᠶᠢᠨ | ᠬᠤᠭᠤᠴᠠᠭ᠎ᠠ ᠦᠩᠭᠡᠷᠡᠯ᠎ᠡ᠃ ᠲᠣᠰ ᠤᠳᠠᠭ᠎ᠠ 30 ᠮᠦ ᠲᠠᠷᠢᠶᠠᠨ ᠳᠤ ᠮᠦ ᠪᠦᠷᠢ ᠠᠴᠠ ᠪᠠᠷᠤᠭ 500 ᠵᠢᠩ | ᠬᠤᠨᠴᠢᠷ ᠬᠤᠷᠢᠶᠠᠨ᠎ᠠ᠂ ᠵᠢᠩ ᠳᠡᠭᠡᠨ 6 ᠲᠥᠭᠦᠷᠢᠭ ᠢᠶᠠᠷ ᠪᠤᠳᠤᠪᠠᠯ᠂ ᠵᠢᠱᠢᠯᠲᠡ ᠪᠠᠷ 90000 ᠲᠥᠭᠦᠷᠢᠭ ᠤᠨ | ᠣᠷᠣᠯᠭ᠎ᠠ ᠲᠠᠢ ᠪᠣᠯᠣᠨ᠎ᠠ᠃ | ᠲᠠᠷᠠᠭᠠᠴᠢ ᠶᠢᠨ ᠠᠯᠬᠤᠮ ᠳᠤ᠂ ᠪᠠᠶᠠᠨᠲᠠᠯ᠎ᠠ ᠰᠤᠮᠤ ᠡᠯᠪᠡᠭ ᠪᠠᠶᠠᠯᠢᠭ ᠣᠶ ᠰᠢᠭᠤᠢ ᠶᠢᠨ ᠡᠬᠢ ᠪᠠᠶᠠᠯᠢᠭ ᠪᠠ | ᠣᠶ ᠶᠢᠨ ᠬᠤᠷᠮᠣᠢ ᠶᠢᠨ ᠣᠷᠣᠨ ᠵᠠᠢ ᠵᠡᠷᠭᠡ ᠳᠠᠪᠠᠭᠤᠯᠢᠭ ᠲᠠᠭᠠᠨ ᠲᠦᠰᠢᠭᠯᠡᠨ᠂ ᠣᠯᠠᠨ ᠲᠦᠮᠡᠨ ᠢ ᠢᠳᠡᠪᠬᠢᠲᠡᠢ ᠪᠠᠷ | ᠬᠥᠲᠥᠯᠥᠨ ᠵᠢᠯᠤᠭᠤᠳᠴᠤ ᠪᠠᠶᠢᠭᠠᠳ ᠠᠵᠤ ᠦᠢᠯᠡᠰ ᠤᠨ ᠪᠦᠲᠦᠴᠡ ᠶᠢ ᠨᠢ ᠲᠣᠬᠢᠷᠠᠭᠤᠯᠵᠤ᠂ ᠬᠢᠲᠠᠳ ᠡᠮ ᠤᠨ | ᠮᠠᠲ᠋ᠧᠷᠢᠶᠠᠯ ᠢ ᠳᠠᠷᠢᠬᠤ ᠶᠢ ᠠᠵᠤ ᠠᠬᠤᠢ ᠶᠢᠨ ᠬᠥᠭᠵᠢᠯᠲᠡ ᠶᠢᠨ ︽ᠬᠥᠳᠡᠯᠭᠡᠭᠦᠷ︾ ᠪᠣᠯᠭᠠᠵᠤ᠂ ᠣᠶ ᠶᠢᠨ | ᠬᠤᠷᠮᠣᠢ ᠶᠢᠨ ᠠᠵᠤ ᠠᠬᠤᠢ ᠠᠵᠤ ᠦᠢᠯᠡᠰ ᠤᠨ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠨᠠᠷᠠᠲᠤ ᠲᠡᠮᠳᠡᠭᠵᠢᠭᠰᠡᠨ | ᠬᠥᠭᠵᠢᠯᠲᠡ ᠶᠢ ᠠᠬᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠤᠪᠢ ᠨᠡᠮᠡᠷᠢ | ᠦᠵᠡᠭᠦᠯᠬᠦ ᠪᠠᠷ ᠪᠤᠢ᠃ | | | |