| 5 ᠰᠠᠷ᠎ᠠ ᠶᠢᠨ 7 ᠤ ᠡᠳᠦᠷ᠂ ᠮᠧᠩ ᠰᠢᠶᠠᠨ ᠳ᠋ᠦᠩ ᠵᠠᠷᠤᠳ ᠬᠤᠰᠢᠭᠤᠨ ᠳᠤ ᠢᠷᠡᠵᠦ ᠭᠤᠣᠯᠳᠠᠯᠭ᠎ᠠ ᠲᠠᠢ | ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠮᠡᠷᠭᠡᠨᠪᠠᠲᠤ ᠪᠣᠯᠣᠨ ᠬᠤᠰᠢᠭᠤᠨ ᠤ | ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠬᠤᠰᠢᠭᠤᠨ ᠳᠠᠷᠤᠭ᠎ᠠ ᠪᠦᠦ ᠸᠧᠨ ᠯᠠᠨ ᠨᠠᠷ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠦ᠂ ᠰᠠᠭᠤᠳᠠᠯ ᠤᠨ | ᠬᠤᠷᠠᠯ ᠳᠤ ᠣᠷᠣᠯᠴᠠᠪᠠ᠃ | ᠮᠧᠩ ᠰᠢᠶᠠᠨ ᠳ᠋ᠦᠩ ᠵᠠᠷᠤᠳ ᠬᠤᠰᠢᠭᠤᠨ ᠤ ᠯᠦᠪᠧᠢ ᠪᠠᠯᠭᠠᠰᠤᠨ ᠤ ᠠᠵᠤ ᠦᠢᠯᠡᠰ ᠤᠨ ᠲᠣᠭᠤᠷᠢᠭ ᠲᠤ | ᠬᠦᠷᠴᠦ᠂ ᠬᠤᠰᠢᠭᠤᠨ ᠤ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠠᠵᠤ ᠦᠢᠯᠡᠰ ᠤᠨ | ᠪᠦᠲᠦᠴᠡ ᠶᠢᠨ ᠲᠣᠬᠢᠷᠠᠭᠤᠯᠤᠯᠲᠠ ᠶᠢᠨ ᠬᠦᠢᠲᠡᠨ ᠬᠡᠯᠬᠢᠶᠡᠲᠦ ᠬᠥᠮᠥᠷᠭᠡᠯᠡᠯᠲᠡ ᠵᠢᠴᠢ ᠠᠯᠠᠰᠢᠨ ᠦᠬᠡᠷ ᠨᠢᠲᠤᠯᠵᠤ | ᠡᠳ᠋ᠰᠢᠭᠦᠯᠬᠦ ᠲᠥᠷᠥᠯ ᠵᠦᠢᠯ ᠪᠠ ᠴᠢᠩ ᠴᠢᠤᠸᠠᠨ ᠠᠮᠢᠳᠤ ᠪᠣᠳᠠᠰ ᠤᠨ ᠬᠦᠬᠦᠷ ᠬᠦᠴᠢᠯ ᠤᠨ ᠮᠥᠭᠡᠷᠰᠦᠯᠢᠭ ᠡᠳ᠋ ᠤᠨ | ᠬᠤᠮᠵᠢᠶ᠎ᠠ ᠶᠢᠨ ᠦᠢᠯᠡᠳᠪᠦᠷᠢᠯᠡᠯ ᠤᠨ ᠱᠤᠭᠤᠮ ᠤᠨ ᠲᠥᠷᠥᠯ ᠵᠦᠢᠯ ᠢ ᠠᠬᠤᠢ ᠭᠠᠵᠠᠷ ᠲᠤᠨᠢ ᠪᠠᠶᠢᠴᠠᠭᠠᠨ | ᠰᠤᠳᠤᠯᠵᠤ᠂ ᠲᠥᠷᠥᠯ ᠵᠦᠢᠯ ᠤᠨ ᠲᠥᠯᠦᠪᠵᠢᠭᠦᠯᠭᠡ ᠵᠢᠷᠤᠭ ᠲᠥᠯᠥᠪᠯᠡᠭᠡ᠂ ᠪᠦᠲᠦᠭᠡᠨ ᠪᠠᠶᠢᠭᠤᠯᠤᠯᠲᠠ ᠶᠢᠨ | ᠠᠬᠢᠴᠠ ᠪᠠ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠣᠶᠢᠯᠠᠭᠠᠨ᠂ ᠬᠦᠴᠢᠷᠳᠡᠯ ᠲᠠᠢ ᠠᠰᠠᠭᠤᠳᠠᠯ ᠢ ᠠᠬᠤᠢ | ᠲᠠᠯᠠᠪᠠᠢ ᠳᠤᠨᠢ ᠰᠤᠳᠤᠯᠤᠨ ᠰᠢᠢᠳᠪᠦᠷᠢᠯᠡᠪᠡ︔ ᠳᠠᠷᠠᠭ᠎ᠠ ᠨᠢ ᠴᠢᠪᠠᠭᠠᠲᠤ ᠰᠤᠮᠤ ᠶᠢᠨ ᠨᠠᠷᠢᠨ ᠭᠠᠴᠠᠭ᠎ᠠ ᠶᠢᠨ | ᠡᠯᠡᠰᠦ ᠶᠢ ᠵᠠᠰᠠᠬᠤ ᠲᠦᠷᠦᠯ ᠵᠦᠢᠯ ᠤᠨ ᠲᠣᠭᠤᠷᠢᠭ ᠲᠤ ᠭᠦᠨᠵᠡᠭᠡᠶᠢᠷᠡᠵᠦ᠂ ᠠᠬᠤᠢ ᠲᠠᠯᠠᠪᠠᠢ ᠳᠤ ᠡᠯᠡᠰᠦᠷᠬᠡᠭ | ᠭᠠᠵᠠᠷ ᠢ ᠶᠡᠷᠦᠩᠬᠡᠶᠢᠯᠡᠨ ᠵᠠᠰᠠᠭᠰᠠᠨ ᠪᠠᠶᠢᠳᠠᠯ ᠢ ᠪᠠᠶᠢᠴᠠᠭᠠᠨ ᠦᠵᠡᠵᠦ᠂ ᠺᠠᠳ᠋ᠷ ᠤᠯᠠᠨ ᠲᠦᠮᠡᠨ ᠲᠠᠢ ᠰᠠᠨᠠᠯ ᠢᠶᠠᠨ | ᠭᠦᠨᠵᠡᠭᠡᠢ ᠰᠣᠯᠢᠯᠴᠠᠪᠠ︔ ᠵᠠᠷᠤᠳ ᠬᠤᠰᠢᠭᠤᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠣᠰᠬᠤ ᠬᠤᠷᠠᠯ | ᠬᠢᠵᠦ᠂ ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠪᠠ᠃ | ᠮᠧᠩ ᠰᠢᠶᠠᠨ ᠳ᠋ᠦᠩ ᠵᠢᠭᠠᠪᠣᠷᠢᠯᠠᠭᠰᠠᠨ ᠨᠢ᠂ ᠵᠢᠯ ᠤᠨ ᠡᠬᠢᠨ ᠠᠴᠠ ᠨᠠᠰᠢ ᠵᠠᠷᠤᠳ ᠬᠤᠰᠢᠭᠤᠨ ᠤ ᠬᠢᠨ | ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠬᠤ ᠲᠠᠯ᠎ᠠ ᠪᠠᠷ ᠢᠳᠡᠪᠬᠢᠲᠡᠢ ᠴᠢᠷᠮᠠᠶᠢᠵᠤ᠂ | ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠂ ᠲᠠᠷᠠᠭᠠᠴᠢ ᠶᠢᠨ ᠠᠯᠬᠤᠮ ᠳᠤ ᠬᠠᠷᠠᠯᠲᠠ ᠡᠭᠦᠷᠭᠡ ᠪᠠᠨ ᠴᠢᠩᠭ᠎ᠠ | ᠠᠳᠬᠤᠵᠤ᠂ ᠠᠩᠬᠠᠷᠤᠯ ᠢᠶᠠᠨ ᠭᠦᠢᠴᠡᠳ ᠲᠥᠪᠯᠡᠷᠡᠭᠦᠯᠵᠦ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠤᠨ᠂ | ᠬᠠᠲᠠᠭᠤᠵᠢᠨ ᠲᠡᠰᠪᠦᠷᠢᠯᠡᠵᠦ᠂ ᠦᠷᠭᠦᠯᠵᠢᠯᠡᠨ ᠪᠡᠷᠬᠡ ᠰᠡᠳᠦᠪ ᠢ ᠰᠢᠢᠳᠪᠦᠷᠢᠯᠡᠵᠦ᠂ ᠭᠤᠣᠯᠳᠠᠯᠭ᠎ᠠ ᠲᠠᠢ ᠠᠵᠢᠯ ᠢᠶᠠᠨ | ᠴᠢᠩᠭ᠎ᠠ ᠪᠣᠳᠠᠲᠠᠢ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ | ᠃ ︽ᠵᠢᠷᠭᠤᠭᠠᠨ ᠢᠨᠵᠧᠨᠧᠷᠢᠩ︾ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳᠡᠭᠡᠲᠦ ᠱᠠᠲᠤ | ᠲᠠᠢ ᠵᠣᠯᠭᠠᠭᠤᠯᠬᠤ ᠪᠠᠨ ᠴᠢᠩᠭᠠᠳᠬᠠᠵᠤ᠂ ᠬᠢᠬᠦ ᠰᠠᠨᠠᠭ᠎ᠠ ᠲᠠᠢ ᠶᠠᠪᠤᠳᠠᠯ ᠢ ᠤᠯᠤᠰ ᠤᠨ ᠲᠥᠯᠦᠪᠵᠢᠭᠦᠯᠭᠡ ᠳᠤ | ᠣᠷᠣᠭᠤᠯᠵᠤ᠂ ᠬᠢᠬᠦ ᠰᠠᠨᠠᠭ᠎ᠠ ᠲᠠᠢ ᠲᠦᠷᠦᠯ ᠵᠦᠢᠯ ᠢ ᠤᠯᠤᠰ ᠤᠨ ᠲᠥᠯᠥᠪᠯᠡᠭᠡ ᠳᠤ ᠣᠷᠣᠭᠤᠯᠵᠤ᠂ ᠣᠯᠬᠤ | ᠰᠠᠨᠠᠭ᠎ᠠ ᠲᠠᠢ ᠪᠡᠯᠡ ᠮᠥᠩᠭᠦ ᠶᠢ ᠤᠯᠤᠰ ᠤᠨ ᠲᠥᠰᠥᠪ ᠲᠤ ᠣᠷᠣᠭᠤᠯᠬᠤ ᠪᠠᠷ ᠴᠢᠷᠮᠠᠶᠢᠵᠤ᠂ ᠲᠦᠷᠦ ᠶᠢᠨ | ᠪᠣᠳᠣᠯᠭ᠎ᠠ ᠶᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ︔ ᠡᠯᠡᠰᠦᠷᠬᠡᠭᠵᠢᠬᠦ ᠶᠢ ᠰᠡᠷᠭᠡᠶᠢᠯᠡᠵᠦ | ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠲᠦᠷᠭᠡᠳᠬᠡᠨ | ᠬᠡᠷᠡᠭᠵᠢᠭᠦᠯᠵᠦ᠂ ᠢᠨᠵᠧᠨᠧᠷᠢᠩ ᠤᠨ ᠠᠬᠢᠴᠠ᠂ ᠶᠠᠰᠤ ᠴᠢᠨᠠᠷ᠂ ᠠᠮᠤᠷ ᠲᠦᠪᠰᠢᠨ ᠢ ᠴᠢᠩᠭ᠎ᠠ ᠠᠳᠬᠤᠵᠤ᠂ | ᠢᠨᠵᠧᠨᠧᠷᠢᠩ ᠤᠨ ᠴᠠᠭ ᠤᠨ ᠳᠠᠷᠠᠭᠠᠯᠠᠯ ᠤᠨ ᠠᠬᠢᠴᠠ ᠪᠠᠷ ᠥᠨᠳᠥᠷ ᠶᠠᠰᠤ ᠴᠢᠨᠠᠷ ᠲᠠᠢ ᠥᠨᠳᠥᠷ ᠦᠷ᠎ᠡ ᠠᠰᠢᠭ ᠲᠠᠢ | ᠠᠬᠢᠬᠤ ᠶᠢ ᠦᠨᠡᠨᠬᠦ ᠪᠠᠲᠤᠯᠠᠬᠤ ᠬᠡᠷᠡᠭᠲᠡᠢ︔ ᠳᠣᠯᠠᠭᠠᠴᠠᠯᠠᠭᠠ ᠶᠢᠨ ᠢᠨᠵᠧᠨᠧᠷᠢᠩ ᠢ ᠲᠦᠷᠭᠡᠳᠬᠡᠨ ᠠᠬᠢᠭᠤᠯᠵᠤ᠂ | ᠬᠤᠲᠠ ᠶᠢᠨ ᠢᠯᠴᠢ ᠬᠠᠩᠭᠠᠬᠤ ᠠᠰᠠᠭᠤᠳᠠᠯ ᠤᠨ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ | ᠰᠢᠢᠳᠪᠦᠷᠢᠯᠡᠨ᠂ ᠢᠯᠴᠢ ᠶᠢᠨ ᠢᠷᠡᠯᠲᠡ ᠶᠢᠨ ᠲᠥᠷᠥᠯ ᠵᠦᠢᠯ ᠤᠨ ᠨᠤᠲᠠᠯᠠᠯᠲᠠ ᠪᠠ ᠪᠦᠲᠦᠭᠡᠨ ᠪᠠᠶᠢᠭᠤᠯᠤᠯᠲᠠ ᠶᠢ | ᠲᠣᠪᠣᠶᠢᠮ᠎ᠠ ᠰᠠᠶᠢᠲᠤᠷ ᠠᠳᠬᠤᠵᠤ᠂ ᠳᠤᠯᠠᠭᠠᠯᠠᠬᠤ ᠤᠯᠠᠷᠢᠯ ᠳᠤ ︽ᠣᠯᠠᠨ ᠲᠦᠮᠡᠨ ᠤ ᠭᠡᠷ ᠨᠢ ᠬᠠᠯᠠᠭᠤᠨ ᠳᠣᠯᠠᠭᠠᠨ | ᠂ ᠳᠠᠭᠠᠷᠠᠬᠤ ᠦᠭᠡᠢ ᠪᠠᠶᠢᠬᠤ︾ ᠶᠢ ᠦᠨᠡᠨᠬᠦ ᠪᠠᠲᠤᠯᠠᠬᠤ ᠬᠡᠷᠡᠭᠲᠡᠢ︔ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠢᠲᠡᠭᠡᠯ ᠢ ᠴᠢᠬᠤᠯᠠᠴᠢᠯᠠᠨ ᠠᠮᠠᠯᠠᠯᠲᠠ ᠪᠠᠨ ᠰᠠᠬᠢᠵᠤ᠂ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠬᠦ ᠶᠢ ᠪᠠᠷᠢᠮᠲᠠᠯᠠᠵᠤ᠂ ︽ᠰᠢᠨ᠎ᠡ ᠣᠳᠣᠷᠢᠳᠣᠯᠭ᠎ᠠ ᠬᠠᠭᠤᠴᠢᠨ ᠠᠰᠠᠭᠤᠳᠠᠯ ᠢ ᠰᠢᠢᠳᠪᠦᠷᠢᠯᠡᠬᠦ︾ ᠶᠢ | ᠪᠡᠶᠡᠯᠡᠭᠦᠯᠵᠦ᠂ ᠭᠠᠵᠠᠷ ᠣᠷᠣᠨ ᠤ ᠦᠨᠡᠨᠴᠢ ᠢᠲᠡᠭᠡᠮᠵᠢ ᠶᠢ ᠡᠷᠬᠢᠮᠯᠡᠬᠦ᠂ ᠢᠲᠡᠭᠡᠮᠵᠢ ᠶᠢ ᠰᠠᠬᠢᠬᠤ ᠵᠥᠪ ᠲᠠᠯ᠎ᠠ ᠶᠢᠨ | ᠳᠦᠷᠢ ᠲᠥᠷᠬᠦ ᠶᠢ ᠦᠨᠡᠨᠬᠦ ᠪᠤᠢ ᠪᠣᠯᠭᠠᠬᠤ ᠬᠡᠷᠡᠭᠲᠡᠢ︔ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠶᠢ | ᠲᠤᠪᠤᠶᠢᠯᠭᠠᠵᠦ᠂ ᠠᠵᠤ ᠦᠢᠯᠡᠰ ᠤᠨ ᠬᠡᠯᠬᠢᠶ᠎ᠡ ᠳᠤ ᠲᠦᠰᠢᠭᠯᠡᠨ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ | ᠬᠡᠮᠵᠢᠶᠡᠲᠠᠢ ᠬᠠᠷᠠᠯᠲᠠ ᠶᠢ ᠲᠣᠭᠲᠠᠭᠠᠵᠤ᠂ ᠲᠥᠪᠯᠡᠷᠡᠭᠦᠯᠦᠨ ᠪᠣᠭᠤᠮᠲᠠ ᠰᠢᠪᠲᠤᠯᠬᠤ ᠶᠢ ᠬᠡᠷᠡᠭᠵᠢᠭᠦᠯᠵᠦ᠂ | ᠰᠢᠨᠵᠢᠯᠡᠭᠡ ᠮᠡᠷᠭᠡᠵᠢᠯ ᠤᠨ ᠪᠦᠰᠡᠯᠡᠯᠲᠡ ᠶᠢᠨ ᠰᠢᠪᠳᠣᠯᠣᠯᠲᠠ ᠬᠦᠭᠡᠭᠡᠨ ᠭᠦᠢᠴᠡᠵᠦ ᠳᠠᠪᠠᠭ᠋ᠤ ᠶᠢ ᠬᠦᠴᠦᠯᠡᠨ | ᠠᠬᠢᠭᠤᠯᠬᠤ ᠬᠡᠷᠡᠭᠲᠡᠢ︔ ᠭᠠᠳᠠᠭᠰᠢ ᠲᠠᠢ ᠴᠢᠯᠣᠭᠡᠲᠠᠢ ᠬᠠᠷᠢᠯᠴᠠᠬᠤ ᠬᠢᠷᠢ ᠬᠡᠮᠵᠢᠶ᠎ᠡ ᠪᠠᠨ ᠥᠷᠭᠡᠳᠬᠡᠵᠦ᠂ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠢᠳᠡᠪᠬᠢᠲᠡᠢ ᠪᠠᠷ ᠲᠠᠳᠠᠨ ᠠᠪᠴᠢᠷᠠᠬᠤ ᠪᠠ | ᠠᠰᠢᠭᠯᠠᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠠᠳᠤ ᠳᠠᠬᠢ ᠵᠠᠬ᠎ᠠ ᠳᠡᠯᠭᠡᠭᠦᠷ ᠢᠶᠠᠨ | ᠨᠡᠭᠡᠭᠡᠬᠦ ᠶᠢ ᠲᠡᠮᠵᠢᠵᠤ᠂ ᠠᠵᠤ ᠠᠬᠤᠢ ᠶᠢᠨ ᠭᠠᠳᠠᠭᠰᠢ ᠬᠠᠨᠳᠤᠬᠤ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ | ᠬᠡᠷᠡᠭᠲᠡᠢ ᠭᠡᠪᠡ᠃ | ᠮᠧᠩ ᠰᠢᠶᠠᠨ ᠳ᠋ᠦᠩ ᠴᠢᠬᠤᠴᠢᠯᠠᠭᠰᠠᠨ ᠨᠢ᠂ ᠬᠤᠳᠠᠯᠳᠣᠭᠠᠴᠢᠨ ᠤᠷᠢᠵᠤ ᠪᠡᠯᠡ ᠲᠠᠲᠠᠬᠤ ᠪᠠ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠳᠠᠶᠢᠨ ᠠᠴᠠ | ᠬᠠᠯᠠᠰᠢᠷᠠᠬᠤ ᠦᠵᠡᠯ ᠰᠠᠨᠠᠭ᠎ᠠ ᠪᠠ ᠰᠤᠯᠠᠷᠠᠬᠤ ᠪᠤᠳᠣᠯ ᠢ ᠡᠷᠡᠰ ᠲᠡᠪᠴᠢᠵᠦ᠂ ᠬᠠᠲᠠᠭᠤᠵᠢᠨ ᠲᠠᠰᠪᠣᠷᠢᠯᠠᠵᠤ᠂ | ᠲᠣᠭᠲᠠᠯ ᠬᠦᠴᠦᠨ ᠢᠶᠠᠨ ᠪᠠᠲᠤᠯᠠᠵᠤ᠂ ᠰᠠᠨᠠᠭᠠᠴᠢᠯᠠᠭ᠎ᠠ ᠠᠴᠠ ᠪᠠᠨ ᠪᠣᠳᠠᠲᠠᠢ ᠦᠢᠯᠡᠳᠦᠯᠭᠡ ᠳᠣᠮᠳᠠᠬᠢ ᠲᠤᠷᠰᠢᠯᠭ᠎ᠠ | ᠬᠢᠳᠡᠯ ᠢᠶᠠᠨ ᠳ᠋ᠦᠩᠨᠡᠵᠦ᠂ ᠴᠢᠳᠠᠪᠤᠷᠢ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠠᠵᠢᠯ ᠤᠨ ᠴᠢᠨᠠᠷ ᠴᠢᠨᠰᠠᠭ᠎ᠠ | ᠦᠷ᠎ᠡ ᠠᠰᠢᠭ ᠢᠶᠠᠨ ᠳᠡᠭᠡᠭᠰᠢᠯᠡᠭᠦᠯᠵᠦ᠂ ᠲᠣᠮᠣ ᠲᠦᠷᠦᠯ ᠵᠦᠢᠯ ᠢᠶᠠᠷ ᠵᠢᠵᠢᠭ ᠲᠦᠷᠦᠯ ᠵᠦᠢᠯ ᠢ ᠳᠠᠶᠢᠴᠢᠯᠠᠵᠤ᠂ | ᠭᠠᠵᠠᠷ ᠣᠷᠣᠨ ᠤ ᠬᠥᠭᠵᠢᠯᠲᠡ ᠶᠢᠨ ᠡᠷᠲᠡᠬᠡᠨ ᠶᠡᠭᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ᠃ | ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠰᠢᠪᠲᠤᠯᠤᠯᠲᠠ ᠶᠢ ᠢᠳᠡᠪᠬᠢᠲᠡᠢ | ᠰᠠᠨᠠᠭᠠᠴᠢᠯᠠᠭ᠎ᠠ ᠲᠠᠢ ᠪᠠᠷ ᠠᠬᠢᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠦᠢᠯᠡᠳᠪᠦᠷᠢᠯᠡᠯ ᠤᠨ | ᠴᠢᠨᠠᠷᠲᠠᠢ ᠦᠢᠯᠡᠴᠢᠯᠡᠭᠡᠨ ᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠠᠷᠠᠯᠵᠢᠶ᠎ᠠ ᠬᠤᠳᠠᠯᠳᠤᠭ᠎ᠠ᠂ ᠰᠣᠶᠣᠯ | ᠵᠢᠭᠤᠯᠴᠢᠯᠠᠯ᠂ ᠭᠡᠷ ᠭᠠᠵᠠᠷ ᠬᠥᠷᠥᠩᠭᠡ ᠵᠡᠷᠭᠡ ᠭᠤᠣᠯᠳᠠᠯᠭ᠎ᠠ ᠲᠠᠢ ᠠᠵᠤ ᠦᠢᠯᠡᠰ ᠢ ᠬᠦᠴᠦᠯᠡᠨ ᠪᠣᠶᠢᠵᠢᠭᠤᠯᠤᠨ | ᠪᠤᠵᠠᠭᠠᠶᠢᠷᠠᠭᠤᠯᠵᠤ᠂ ᠭᠠᠵᠠᠷ ᠣᠷᠣᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠬᠥᠳᠡᠯᠭᠡᠬᠦ ᠬᠦᠴᠦᠨ ᠢ | ᠲᠠᠰᠣᠷᠠᠯᠲᠠ ᠦᠭᠡᠢ ᠬᠦᠭᠵᠢᠭᠡᠬᠦ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ | ᠰᠢᠢᠳᠪᠦᠷᠢᠲᠦ ᠢᠯᠠᠯᠲᠠ ᠶᠢ ᠲᠡᠮᠡᠴᠡᠨ ᠣᠯᠵᠤ᠂ ᠭᠤᠣᠯ ᠱᠤᠭᠤᠮ ᠤᠨ ᠱᠠᠭᠠᠷᠳᠠᠯᠭ᠎ᠠ ᠶᠢ ᠲᠤᠤᠱᠯᠠᠭᠤᠯᠵᠤ᠂ | ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠥᠪᠡᠷᠮᠢᠴᠡ ᠣᠨᠴᠠᠯᠢᠭ ᠲᠠᠢ ᠬᠢᠯᠠᠰ ᠴᠡᠭ ᠢ ᠡᠭᠦᠳᠴᠦ᠂ | ᠠᠴᠢᠶᠠᠯᠠᠪᠤᠷᠢ ᠶᠢᠨ ᠠᠷᠭ᠎ᠠ ᠬᠡᠯᠪᠡᠷᠢ ᠶᠢ ᠰᠢᠨᠡᠴᠢᠯᠡᠵᠦ᠂ ᠠᠭᠤᠷ ᠠᠮᠢᠰᠬᠤᠯ ᠢ ᠪᠤᠢ ᠪᠣᠯᠭᠠᠬᠤ ᠶᠢ ᠴᠢᠩᠭᠠᠳᠬᠠᠵᠤ᠂ | ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠰᠢᠭᠤ ᠶᠢ | ᠠᠮᠵᠢᠯᠲᠠ ᠲᠠᠢ ᠡᠭᠦᠳᠦᠨ ᠪᠠᠶᠢᠭᠤᠯᠬᠤ ᠬᠠᠷᠠᠯᠲᠠ ᠶᠢ ᠨᠢᠭᠡ ᠯᠡ ᠳᠡᠭᠡᠷ᠎ᠡ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ | ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠰᠠᠶᠢᠲᠤᠷ ᠣᠯᠵᠤ᠂ ᠲᠦᠷᠦᠯ | ᠵᠦᠢᠯ ᠢ ᠰᠠᠶᠢᠲᠤᠷ ᠵᠢᠷᠣᠵᠤ ᠲᠦᠯᠦᠪᠯᠡᠵᠦ᠂ ᠲᠥᠯᠦᠪᠵᠢᠭᠦᠯᠭᠡ ᠶᠢ ᠰᠠᠶᠢᠲᠤᠷ ᠨᠤᠲᠠᠯᠠᠵᠤ᠂ ᠥᠪᠡᠷᠲᠡᠭᠡᠨ ᠵᠠᠰᠠᠬᠤ | ᠣᠷᠣᠨ ᠤ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠠᠭᠤᠷᠢ ᠮᠥᠩᠭᠦᠨ ᠤ ᠳᠡᠮᠵᠢᠯᠭᠡ ᠶᠢ ᠣᠯᠬᠤ ᠪᠠᠷ | ᠢᠳᠡᠪᠬᠢᠲᠡᠢ ᠴᠢᠷᠮᠠᠶᠢᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠨᠡᠶᠢᠭᠡᠮ ᠤᠨ ᠪᠡᠯᠡ | ᠣᠷᠣᠭᠤᠯᠤᠯᠲᠠ ᠶᠢ ᠲᠠᠲᠠᠬᠤ ᠪᠠ ᠨᠡᠮᠡᠭᠳᠡᠭᠦᠯᠵᠦ᠂ ᠤᠯᠠᠨ ᠲᠦᠮᠡᠨ ᠢ ᠳᠠᠶᠢᠴᠢᠯᠠᠨ ᠬᠠᠮᠲᠤᠪᠠᠷ ᠵᠠᠰᠠᠬᠤ ᠠᠵᠢᠯ ᠳᠤ | ᠣᠷᠣᠯᠴᠠᠭᠤᠯᠬᠤ ᠶᠢ ᠨᠡᠩ ᠴᠢᠬᠤᠯᠠᠴᠢᠯᠠᠵᠤ᠂ ᠣᠨ ᠤ ᠵᠠᠰᠠᠯᠲᠠ ᠶᠢᠨ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ | ᠬᠡᠷᠡᠭᠲᠡᠢ ᠭᠡᠵᠦ ᠵᠢᠭᠠᠪᠣᠷᠢᠯᠠᠪᠠ᠃ | |