ᠵᠢᠢ ᠴᠢᠶᠠᠩ ᠵᠠᠷᠤᠳ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/5/9
     5 ᠰᠠᠷ᠎ᠠ ᠶᠢᠨ 8 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠴᠢᠶᠠᠩ ᠵᠠᠷᠤᠳ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠤ ᠤᠳᠤᠷᠢᠳᠤᠯᠭ᠎ᠠ ᠱᠣᠸ ᠶᠠᠨ ᠵᠢᠶᠦ᠋ᠨ᠂ ᠦ᠋ ᠴᠢᠩ ᠬᠠᠢ᠂ ᠭᠦᠸᠧ ᠶᠠ ᠹᠧᠩ᠂ ᠶᠠᠩ ᠵᠧᠨ ᠴᠢᠩ᠂ ᠼᠦᠢ ᠯᠧᠢ ᠯᠧᠢ ᠵᠢᠴᠢ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃    
微信图片_20240509160238.jpg
微信图片_20240509160233.jpg
      ᠵᠢᠢ ᠴᠢᠶᠠᠩ ᠬᠠᠮᠳᠤ ᠶᠠᠪᠤᠭᠰᠠᠳ ᠲᠠᠢ ᠪᠠᠨ ᠵᠠᠷᠤᠳ ᠬᠤᠰᠢᠭᠤᠨ ᠤ 2023 ᠣᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠠᠯᠠᠰᠢᠨ ᠦᠬᠡᠷ ᠨᠢᠲᠤᠯᠵᠤ ᠡᠳ᠋ᠰᠢᠭᠦᠯᠬᠦ ᠲᠥᠷᠥᠯ ᠵᠦᠢᠯ ᠪᠠ 2023 ᠣᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠬᠦᠢᠲᠡᠨ ᠬᠡᠯᠬᠢᠶᠡᠲᠦ ᠬᠥᠮᠥᠷᠭᠡᠯᠡᠨ ᠬᠠᠳᠠᠭᠠᠯᠠᠬᠤ ᠲᠥᠷᠥᠯ ᠵᠦᠢᠯ ᠤᠨ ᠠᠬᠤᠢ ᠲᠠᠯᠠᠪᠠᠶ ᠵᠢᠴᠢ ᠦᠬᠡᠷ ᠤᠨ ᠠᠵᠤ ᠦᠢᠯᠡᠰ ᠤᠨ ᠲᠣᠮᠣ ᠳ᠋ᠠᠶᠢᠲ᠋ᠠ ᠶᠢᠨ ᠰᠢᠨᠵᠢᠯᠡᠭᠡ ᠮᠡᠷᠭᠡᠵᠢᠯ ᠤᠨ ᠬᠠᠮᠢᠶᠠᠷᠤᠯᠳᠠ ᠶᠢᠨ ᠲᠥᠪ ᠵᠡᠷᠭᠡ ᠭᠠᠵᠠᠷ ᠲᠤ ᠬᠦᠷᠴᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠢᠷᠡᠭᠡᠳᠦᠢ ᠶᠢᠨ ᠲᠥᠯᠦᠪᠵᠢᠭᠦᠯᠭᠡ ᠶᠢᠨ ᠠᠵᠢᠯᠯᠠᠭᠠᠨ᠂ ᠦᠬᠡᠷ ᠤᠨ ᠠᠵᠤ ᠦᠢᠯᠡᠰ ᠤᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠠᠪᠴᠠᠩ ᠤᠨ ᠠᠵᠢᠯᠯᠠᠭᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠵᠢᠢ ᠴᠢᠶᠠᠩ ᠠᠴᠠ᠂ ᠭᠤᠣᠯᠳᠠᠯᠭ᠎ᠠ ᠲᠠᠢ ᠲᠥᠷᠥᠯ ᠵᠦᠢᠯ ᠪᠣᠯ ᠲᠤᠬᠠᠢ ᠶᠢᠨ ᠭᠠᠵᠠᠷ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ︽ᠴᠢᠩᠭ᠎ᠠ ᠬᠥᠳᠡᠯᠭᠡᠭᠦᠷ︾ ᠪᠠ ︽ᠬᠠᠲᠠᠭᠤ ᠲᠤᠯᠭᠠᠭᠤᠷᠢ︾ ᠮᠥᠨ᠂ ᠬᠦᠴᠦᠨ ᠢᠶᠠᠨ ᠲᠥᠪᠯᠡᠷᠡᠭᠦᠯᠦᠨ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠬᠢᠨ ᠣᠳᠣᠬᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠰᠢᠭᠲᠠᠢ ᠴᠠᠭ ᠲᠣᠬᠢᠶᠠᠯ ᠢ ᠴᠢᠩᠭ᠎ᠠ ᠠᠳᠬᠤᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠲᠣᠬᠢᠷᠠᠭᠤᠯᠤᠨ᠂ ᠪᠠᠷᠢᠯᠭ᠎ᠠ ᠶᠢᠨ ᠠᠵᠢᠯ ᠤᠨ ᠬᠦᠴᠦᠨ ᠢ ᠴᠢᠩᠭ᠎ᠠ ᠲᠣᠬᠢᠷᠠᠭᠤᠯᠵᠤ᠂ ᠶᠠᠰᠤ ᠴᠢᠨᠠᠷ ᠪᠠ ᠠᠮᠤᠷ ᠲᠦᠪᠰᠢᠨ ᠢ ᠴᠢᠩᠭ᠎ᠠ ᠠᠳᠬᠤᠬᠤ ᠤᠷᠢᠲᠠᠯ ᠳᠣᠣᠷ᠎ᠠ᠂ ᠴᠠᠭ ᠮᠥᠴᠡ ᠶᠢ ᠠᠯᠳᠠᠯ ᠦᠭᠡᠢ ᠪᠠᠷ ᠠᠬᠢᠴᠠ ᠶᠢ ᠠᠮᠵᠢᠨ᠂ ᠲᠥᠷᠥᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠵᠤ᠂ ᠪᠥᠬᠦ ᠬᠦᠴᠦᠨ ᠢᠶᠠᠷ ᠢᠶᠠᠨ ᠦᠢᠯᠡᠴᠢᠯᠡᠬᠦ ᠶᠢ ᠪᠠᠲᠤᠯᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠲᠤᠯᠠᠨ ᠬᠠᠮᠠᠭᠠᠯᠠᠵᠤ᠂ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠪᠥᠭᠡᠮᠨᠡᠷᠡᠯ ᠤᠨ ᠬᠠᠨᠳᠤᠰᠢ᠂ ᠠᠵᠤ ᠦᠢᠯᠡᠰ ᠤᠨ ᠪᠥᠭᠡᠮᠨᠡᠷᠡᠯ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠦᠬᠡᠷ ᠤᠨ ᠠᠵᠤ ᠦᠢᠯᠡᠰ ᠨᠢ ᠵᠠᠷᠤᠳ ᠬᠤᠰᠢᠭᠤᠨ ᠤ ᠳᠠᠪᠠᠭᠤᠯᠢᠭ ᠠᠵᠤ ᠦᠢᠯᠡᠰ ᠪᠣᠯᠤᠭᠰᠠᠨ ᠤ ᠬᠤᠪᠢ ᠳᠤ᠂ ᠠᠯᠠᠰᠢᠨ ᠦᠬᠡᠷ ᠨᠢᠲᠤᠯᠵᠤ ᠡᠳ᠋ᠰᠢᠭᠦᠯᠬᠦ ᠲᠥᠷᠥᠯ ᠵᠦᠢᠯ᠂ ᠬᠦᠢᠲᠡᠨ ᠬᠡᠯᠬᠢᠶᠡᠲᠦ ᠬᠥᠮᠥᠷᠭᠡᠯᠡᠨ ᠬᠠᠳᠠᠭᠠᠯᠠᠬᠤ ᠲᠥᠷᠥᠯ ᠵᠦᠢᠯ ᠵᠢᠴᠢ ᠦᠬᠡᠷ ᠤᠨ ᠠᠵᠤ ᠦᠢᠯᠡᠰ ᠤᠨ ᠲᠣᠮᠣ ᠳ᠋ᠠᠶᠢᠲ᠋ᠠ ᠶᠢᠨ ᠰᠢᠨᠵᠢᠯᠡᠭᠡ ᠮᠡᠷᠭᠡᠵᠢᠯ ᠤᠨ ᠡᠵᠡᠩᠨᠡᠯᠲᠡ ᠶᠢᠨ ᠲᠥᠪ ᠲᠠᠢ ᠤᠶᠠᠯᠳᠤᠭᠤᠯᠤᠨ᠂ ᠠᠯᠠᠰᠢᠨ ᠦᠬᠡᠷ ᠤᠨ ᠠᠵᠤ ᠦᠢᠯᠡᠰ ᠢ ᠦᠷᠭᠦᠯᠵᠢᠯᠡᠨ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠦᠬᠡᠷ ᠢ ᠨᠠᠷᠢᠯᠢᠭ ᠲᠡᠵᠢᠭᠡᠬᠦ᠂ ᠰᠠᠶᠢᠨ ᠦᠬᠡᠷ ᠲᠡᠵᠢᠭᠡᠬᠦ᠂ ᠰᠠᠶᠢᠨ ᠮᠢᠬ᠎ᠠ ᠦᠢᠯᠡᠳᠪᠦᠷᠢᠯᠡᠬᠦ᠂ ᠰᠠᠶᠢᠨ ᠦᠨ᠎ᠡ ᠪᠠᠷ ᠬᠤᠳᠠᠯᠳᠤᠬᠤ ᠶᠢ ᠴᠢᠷᠮᠠᠶᠢᠨ ᠪᠡᠶᠡᠯᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ᠂ ᠠᠷᠠᠳ ᠣᠯᠠᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠪᠡ᠃     
微信图片_20240509160228.jpg
微信图片_20240509160218.jpg
     ᠵᠢᠢ ᠴᠢᠶᠠᠩ ᠨᠠᠷ ᠪᠠᠰᠠ ᠪᠠᠶᠠᠷᠲᠤᠬᠤᠰᠢᠭᠤ ᠪᠠᠯᠭᠠᠰᠤᠨ ᠤ ᠲᠦᠪᠰᠢᠨ ᠭᠠᠴᠠᠭ᠎ᠠ ᠶᠢᠨ ︽ᠠᠷᠠᠳ ᠤᠨ ᠲᠥᠯᠥᠭᠡᠯᠡᠭᠴᠢᠳ ᠤᠨ ᠬᠠᠷᠢᠯᠴᠠᠬᠤ ᠥᠷᠲᠡᠭᠡ︾᠂ ᠴᠢᠨᠶᠤᠸᠠᠨ ᠨᠡᠶᠢᠭᠡᠮ ᠲᠣᠭᠤᠷᠢᠭ ᠤᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠲᠠᠰᠤᠭ᠂ ᠬᠢᠲᠠᠳ ᠡᠮᠨᠡᠯᠭᠡ ᠶᠢᠨ ᠬᠤᠷᠢᠶᠠᠨ ᠤ ᠡᠷᠡᠭᠦᠯᠵᠢᠯ ᠰᠤᠪᠢᠯᠠᠯᠲᠠ ᠶᠢ ᠤᠶᠠᠯᠳᠤᠭᠤᠯᠤᠭᠰᠠᠨ ᠠᠰᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠤᠢ ᠲᠠᠯᠠᠪᠠᠶ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠵᠠᠷᠤᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠢᠨ ᠪᠤᠳᠠᠳᠠᠢ ᠲᠠᠢ ᠤᠶᠠᠯᠳᠤᠭᠤᠯᠤᠨ᠂ ᠪᠦᠬᠦ ᠬᠤᠲᠠ ᠳᠤ ᠲᠡᠷᠢᠭᠦᠯᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠲᠠᠰᠤᠭ ᠪᠠᠶᠢᠭᠤᠯᠪᠠ᠂ ᠵᠢᠢ ᠴᠢᠶᠠᠩ ᠠᠴᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠭᠦᠢᠴᠡᠳ ᠨᠤᠲᠠᠯᠠᠵᠤ᠂ ᠡᠭᠦᠨ ᠤ ᠬᠠᠮᠲᠤ ᠵᠢᠭᠠᠪᠤᠷᠢᠯᠠᠭᠰᠠᠨ ᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢ ᠪᠠᠶᠢᠩᠭᠤ ᠪᠠᠭᠤᠯᠭᠠᠵᠤ ᠪᠠᠶᠢᠩᠭᠤ ᠰᠢᠨ᠎ᠡ ᠪᠠᠷ ᠬᠡᠷᠡᠭᠵᠢᠭᠦᠯᠬᠦ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠣᠨᠣᠯ ᠤᠨ ᠤᠬᠠᠭᠤᠯᠭ᠎ᠠ ᠶᠢ ᠦᠨᠳᠦᠰᠦᠨ ᠱᠠᠲᠤᠨ ᠳᠤ ᠪᠠᠭᠤᠯᠭᠠᠬᠤ  ᠶᠢ ᠪᠠᠷᠢᠮᠳᠠᠯᠠᠵᠦ᠂ ᠨᠠᠮ ᠤᠨ ᠣᠨᠣᠯ ᠪᠣᠯᠣᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠲᠦᠷᠦᠭᠦᠯᠡᠨ ᠤᠬᠠᠭᠤᠯᠤᠨ ᠲᠠᠶᠢᠯᠪᠤᠷᠢᠯᠠᠵᠤ᠂ ᠣᠯᠠᠨ ᠲᠦᠮᠡᠨ ᠤ ᠴᠢᠬᠢᠨ ᠳᠤ ᠬᠠᠳᠠᠩᠰᠢᠭᠰᠠᠨ᠂ ᠬᠢᠯᠪᠠᠷ ᠣᠶᠢᠯᠠᠭᠠᠮᠵᠢᠲᠠᠢ᠂ ᠳᠣᠲᠣᠨᠣ ᠠᠮᠢᠳᠤᠯᠢᠭ ᠦᠭᠡ ᠬᠡᠯᠡ ᠪᠠᠷ ᠤᠯᠠᠨ ᠲᠦᠮᠡᠨ ᠳᠤ ᠨᠡᠩ ᠣᠶᠢᠯᠠᠭᠠᠮᠵᠢᠲᠠᠢ᠂ ᠨᠡᠩ ᠲᠣᠳᠣᠷᠬᠠᠢ ᠰᠣᠨᠣᠰᠬᠠᠵᠤ᠂ ᠪᠠᠶᠢᠴᠠᠭᠠᠨ ᠰᠤᠳᠤᠯᠤᠯᠲᠠ ᠬᠢᠵᠦ ᠦᠨᠳᠦᠰᠦᠨ ᠱᠠᠲᠤᠨ ᠳᠤ ᠪᠠᠭᠤᠬᠤ᠂ ᠪᠠᠶᠢᠭᠤᠯᠭ᠎ᠠ ᠠᠴᠠ ᠭᠠᠷᠬᠤ᠂ ᠤᠯᠠᠨ ᠲᠦᠮᠡᠨ ᠤ ᠳᠡᠷᠭᠡᠳᠡ ᠣᠴᠢᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ᠂ ᠨᠡᠶᠢᠭᠡᠮ ᠤᠨ ᠵᠠᠰᠠᠯᠲᠠ᠂ ᠰᠣᠶᠣᠯ ᠤᠨ ᠪᠠᠶᠢᠭᠤᠯᠤᠯᠲᠠ ᠵᠡᠷᠭᠡ ᠲᠠᠯ᠎ᠠ ᠪᠠᠷ ᠭᠤᠣᠯᠳᠠᠭᠤᠯᠤᠨ ᠪᠠᠶᠢᠴᠠᠭᠠᠨ ᠰᠤᠳᠤᠯᠤᠯᠲᠠ ᠬᠢᠵᠦ᠂ ᠠᠷᠠᠳ ᠤᠨ ᠪᠠᠶᠢᠳᠠᠯ ᠤᠨ ᠮᠡᠳᠡᠭᠡ ᠵᠠᠩᠭᠢ ᠶᠢ ᠰᠠᠶᠢᠲᠤᠷ ᠴᠤᠭᠯᠠᠭᠤᠯᠤᠭᠴᠢ ᠪᠣᠯᠵᠤ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠦᠴᠢᠷᠳᠡᠯ ᠤᠨ ᠲᠣᠭᠤᠷᠢᠨ ᠳᠤ᠂ ᠠᠷᠠᠳ ᠤᠨ ᠠᠮᠢᠳᠤᠷᠠᠯ ᠤᠨ ᠡᠪᠡᠷᠰᠢᠶᠡᠯ ᠤᠨ ᠴᠡᠭ᠂ ᠵᠠᠰᠠᠯᠲᠠ ᠶᠢᠨ ᠬᠦᠴᠢᠷᠳᠡᠯ ᠪᠠ ᠲᠦᠷᠦ ᠶᠢᠨ ᠪᠣᠳᠣᠯᠭ᠎ᠠ ᠶᠢᠨ ᠲᠦᠭᠵᠢᠷᠡᠯ ᠤᠨ ᠴᠡᠭ ᠢ ᠠᠳᠬᠤᠵᠤ᠂ ᠤᠯᠠᠨ ᠲᠦᠮᠡᠨ ᠤ ᠪᠠᠴᠢᠮᠳᠠᠵᠦ  ᠬᠦᠴᠢᠷᠳᠡᠵᠦ ᠪᠡᠷᠭᠡᠳᠡᠵᠦ ᠵᠤᠪᠠᠵᠦ ᠪᠠᠶᠢᠭ᠎ᠠ ᠶᠠᠪᠤᠳᠠᠯ ᠢ ᠴᠢᠷᠮᠠᠶᠢᠨ ᠰᠢᠢᠳᠪᠦᠷᠢᠯᠡᠬᠦ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号