| ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠭᠤᠤᠯᠳᠠᠯᠭ᠎ᠠ ᠲᠠᠢ ᠠᠵᠢᠯ ᠤᠨ ᠳᠠᠷᠠᠭᠠᠯᠠᠯ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠢᠨᠵᠧᠨᠧᠷᠢᠩ ᠤᠨ ᠶᠠᠰᠤ ᠴᠢᠨᠠᠷ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠤᠷᠢᠳᠴᠢᠯᠠᠨ ᠰᠡᠷᠭᠡᠶᠢᠯᠡᠬᠦ ᠪᠠ ᠪᠥᠬᠦ | ᠶᠠᠪᠤᠴᠠ ᠳᠤ ᠬᠢᠵᠠᠭᠠᠷᠯᠠᠨ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠲᠥᠷᠥᠯ ᠵᠦᠢᠯ ᠤᠨ ᠬᠠᠮᠢᠶᠠᠷᠤᠯᠲᠠ ᠪᠠ | ᠢᠨᠵᠧᠨᠧᠷᠢᠩ ᠤᠨ ᠶᠠᠰᠤ ᠴᠢᠨᠠᠷ ᠤᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠬᠦ ᠶᠢᠨ ᠲᠥᠯᠥᠭᠡ᠂ | ᠣᠶᠢᠷ᠎ᠠ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠭᠠᠭ᠋ᠠᠶᠢᠲᠤ ᠪᠠᠯᠭᠠᠰᠤᠨ ᠤ | ᠲᠥᠷᠥᠯ ᠵᠦᠢᠯ ᠤᠨ ᠲᠣᠭᠤᠷᠢᠭ ᠲᠤ ᠬᠦᠷᠴᠦ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠫᠠᠶᠢᠰᠠ ᠪᠣᠰᠬᠠᠵᠤ ᠰᠢᠯᠭᠠᠨ ᠠᠪᠬᠤ ᠠᠵᠢᠯ ᠢ ᠬᠢᠪᠠ᠃ ᠬᠢᠨᠠᠨ | ᠬᠠᠮᠢᠶᠠᠷᠬᠤ ᠨᠢᠭᠡᠴᠡ ᠪᠠ ᠪᠠᠷᠢᠯᠭ᠎ᠠ ᠶᠢᠨ ᠨᠢᠭᠡᠴᠡ ᠶᠢ ᠪᠠᠷᠢᠯᠭ᠎ᠠ ᠶᠢᠨ ᠵᠠᠩᠭᠢᠯᠠᠭ᠎ᠠ ᠶᠢᠨ ᠠᠵᠢᠯ ᠤᠨ ᠳᠠᠷᠠᠭᠠᠯᠠᠯ᠂ | ᠵᠠᠩᠭᠢᠯᠠᠭ᠎ᠠ ᠶᠢᠨ ᠬᠡᠰᠡᠭ ᠤᠨ ᠳᠠᠯᠳᠠ ᠪᠠᠷᠢᠯᠭ᠎ᠠ ᠶᠢ ᠰᠢᠯᠭᠠᠨ ᠠᠪᠬᠤ ᠦᠶ᠎ᠡ ᠳᠤ᠂ ᠡᠷᠬᠡᠪᠰᠢ ᠲᠤᠬᠠᠶ ᠶᠢᠨ | ᠲᠠᠯᠠᠪᠤᠷ ᠤᠨ ᠰᠢᠯᠭᠠᠨ ᠠᠪᠬᠤ ᠭᠠᠵᠠᠷ ᠲᠤ ᠰᠢᠯᠭᠠᠨ ᠠᠪᠬᠤ ᠢᠯᠡ ᠨᠡᠶᠢᠲᠡᠯᠡᠬᠦ ᠫᠠᠶᠢᠰᠠ ᠭᠠᠷᠭᠠᠵᠤ᠂ ᠰᠢᠯᠭᠠᠨ | ᠠᠪᠬᠤ ᠬᠠᠮᠢᠶ᠎ᠠ ᠪᠥᠬᠦᠶ ᠮᠡᠳᠡᠭᠡ ᠵᠠᠩᠭᠢ ᠶᠢ ᠢᠯᠡ ᠨᠡᠶᠢᠲᠡᠯᠡᠬᠦ ᠫᠠᠶᠢᠰᠠ ᠳᠡᠭᠡᠷ᠎ᠡ ᠨᠠᠷᠢᠨ ᠲᠣᠳᠣᠷᠬᠠᠶ ᠲᠡᠮᠳᠡᠭᠯᠡᠬᠦ ᠶᠢ | ᠱᠠᠭᠠᠷᠳᠠᠪᠠ᠃ | |