ᠱᠤᠤ ᠶᠠᠨ ᠵᠢᠶᠦ᠋ᠨ ᠥᠪᠥᠷ ᠮᠣᠩᠭᠤᠯ ᠤᠨ ᠪᠠᠩ ᠵᠢᠶᠧ ᠢᠳᠡᠭᠡᠨ ᠤ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/13
   6 ᠰᠠᠷ᠎ᠠ ᠶᠢᠨ 12 ᠤᠨ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ ᠥᠪᠥᠷ ᠮᠣᠩᠭᠤᠯ ᠤᠨ ᠪᠠᠩ ᠵᠢᠶᠧ ᠢᠳᠡᠭᠡᠨ ᠤ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠪᠠᠩ ᠵᠢᠶᠧ ᠪᠠ ᠶᠤᠸᠠᠢ ᠰᠢᠶᠠᠩ ᠶᠤᠸᠠᠢ ᠮᠧᠩ ᠢᠳᠡᠭᠡᠨ ᠤ ᠬᠢᠵᠠᠭᠠᠷᠲᠤ ᠺᠣᠮᠫᠠᠨᠢ ᠶᠢᠨ ᠬᠠᠮᠲᠤᠷᠠᠨ ᠦᠢᠯᠡᠳᠪᠦᠷᠢᠯᠡᠬᠦ ᠤᠴᠢᠷ ᠶᠠᠪᠤᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠠᠩ ᠽᠢ ᠴᠢᠶᠠᠩ᠂ ᠳᠡᠳ᠋ ᠬᠤᠰᠢᠭᠤᠨ ᠳᠠᠷᠤᠭ᠎ᠠ ᠼᠦᠢ ᠯᠸᠢ ᠯᠸᠢ ᠵᠢᠴᠢ ᠯᠦᠪᠸᠢ ᠶᠢᠨ ᠠᠵᠤ ᠦᠢᠯᠡᠰ ᠤᠨ ᠲᠤᠭᠤᠷᠢᠭ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    
微信图片_20240613115340.jpg
    ᠱᠤᠤ ᠶᠠᠨ ᠵᠢᠶᠦ᠋ᠨ ᠬᠠᠮᠲᠤ ᠶᠠᠪᠤᠭᠰᠠᠳ ᠲᠠᠢ ᠪᠠᠨ ᠶᠠᠪᠤᠬᠤ ᠶᠢᠨ ᠳᠠᠭᠠᠤ ᠦᠵᠡᠵᠦ᠂ ᠤᠳᠤ ᠪᠠᠶᠢᠭ᠎ᠠ ᠦᠢᠯᠡᠳᠪᠦᠷᠢ ᠶᠢᠨ ᠭᠡᠷ ᠪᠠᠶᠢᠰᠢᠩ ᠤᠨ ᠲᠥᠬᠦᠭᠡᠷᠦᠮᠵᠢ᠂ ᠦᠢᠯᠡᠳᠪᠦᠷᠢᠯᠡᠯ ᠤᠨ ᠴᠢᠳᠠᠪᠤᠷᠢ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠠᠵᠤ ᠠᠬᠤᠶᠢᠯᠠᠯ ᠤᠨ ᠠᠰᠢᠭᠯᠠᠯᠲᠠ ᠳᠤ ᠣᠷᠣᠬᠤ ᠠᠴᠠ ᠡᠮᠦᠨ᠎ᠡ ᠲᠤᠯᠭᠠᠷᠠᠵᠤ ᠪᠠᠶᠢᠭ᠎ᠠ ᠲᠦᠭᠦᠬᠡᠢ ᠮᠠᠲ᠋ᠧᠷᠢᠶᠠᠯ ᠤᠨ ᠢᠷᠡᠯᠲᠡ᠂ ᠵᠠᠬ᠎ᠠ ᠳᠡᠯᠭᠡᠭᠦᠷ ᠤᠨ ᠠᠯᠤᠰ ᠢᠷᠡᠭᠡᠳᠦᠢ᠂ ᠠᠵᠢᠯᠴᠢᠨ ᠡᠯᠰᠡᠬᠦ᠂ ᠠᠶᠤᠯᠭᠦᠢ ᠦᠢᠯᠡᠳᠪᠦᠷᠢᠯᠡᠯ᠂ ᠲᠠᠸᠠᠷ ᠤᠨ ᠲᠡᠮᠳᠡᠭ ᠳᠠᠩᠰᠠᠯᠠᠬᠤ᠂ ᠵᠠᠷ ᠮᠡᠳᠡᠭᠡᠨ ᠤ ᠤᠬᠠᠭᠤᠯᠭ᠎ᠠ᠂ ᠲᠦᠷᠦᠯ ᠲᠡᠮᠳᠡᠭ ᠤᠨ ᠪᠠᠶᠢᠭᠤᠯᠤᠯᠲᠠ ᠵᠡᠷᠭᠡ ᠠᠰᠠᠭᠤᠳᠠᠯ ᠢ ᠭᠦᠨᠵᠡᠭᠡᠢ ᠰᠣᠯᠢᠯᠴᠠᠵᠤ᠂ ᠲᠤᠬᠠᠢ ᠶᠢᠨ ᠲᠠᠯᠠᠪᠠᠢ ᠳᠤ ᠵᠢᠯᠣᠭᠤᠳᠬᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠠᠨ ᠲᠦᠷᠭᠡᠨ ᠰᠡᠷᠭᠦᠭᠡᠬᠦ ᠳᠤ ᠬᠦᠴᠦᠨ ᠨᠡᠮᠡᠷᠢᠯᠡᠪᠡ᠃     ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠣᠲᠣ ᠶᠢᠨ ᠪᠠᠶᠢᠭ᠎ᠠ ᠠᠯᠠᠰᠢᠨ ᠦᠬᠡᠷ ᠤᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠠᠯᠠᠰᠢᠨ ᠦᠬᠡᠷ ᠢ ᠨᠠᠷᠢᠯᠢᠭ ᠡᠳ᠋ᠰᠢᠭᠦᠯᠬᠦ ᠠᠵᠤ ᠦᠢᠯᠡᠰ ᠢ ᠤᠯᠠᠮ ᠨᠢᠭᠡ ᠠᠯᠬᠤᠮ ᠬᠥᠭᠵᠢᠭᠦᠯᠦᠨ ᠪᠤᠵᠠᠭᠠᠶᠢᠷᠠᠭᠤᠯᠵᠤ᠂ ᠠᠯᠠᠰᠢᠨ ᠦᠬᠡᠷ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠷᠭᠠᠬᠤ ᠶᠢᠨ ᠪᠠᠷᠢᠮᠵᠢᠶᠠᠵᠢᠭᠤᠯᠤᠯᠲᠠ᠂ ᠲᠠᠸᠠᠷᠵᠢᠯᠲᠠ᠂ ᠳᠡᠭᠡᠳᠦ ᠲᠠᠰ ᠤᠨ ᠠᠬᠢᠴᠠ ᠶᠢ ᠲᠠᠰᠤᠷᠠᠯᠲᠠ ᠥᠬᠡᠶ ᠠᠬᠢᠭᠤᠯᠵᠤ᠂ ᠠᠯᠠᠰᠢᠨ ᠦᠬᠡᠷ ᠤᠨ ᠠᠵᠤ ᠦᠢᠯᠡᠰ ᠤᠨ ᠨᠡᠮᠡᠯᠲᠡ ᠥᠷᠲᠡᠭ ᠢ ᠶᠡᠭᠡ ᠪᠠᠷ ᠳᠡᠭᠡᠭᠰᠢᠯᠡᠭᠦᠯᠵᠦ᠂ ᠪᠥᠬᠦ ᠬᠤᠰᠢᠭᠤᠨ ᠤ ᠮᠠᠯ ᠠᠵᠤ ᠠᠬᠤᠶ ᠶᠢᠨ ᠠᠯᠬᠤᠮ ᠠᠯᠬᠤᠮ ᠢᠶᠠᠷ ᠤᠳᠤᠬᠢᠴᠢᠯᠠᠭᠰᠠᠨ᠂ ᠠᠵᠤ  ᠤᠶᠢᠯᠡᠳᠪᠤᠷᠢᠵᠢᠭ᠍ᠰᠡᠨ ᠳᠠᠰᠢ ᠤᠷᠤᠭᠰᠢᠯᠠᠬᠤ ᠶᠢ ᠠᠬᠢᠭᠤᠯᠬᠤ ᠬᠡᠷᠡᠭᠲᠡᠶ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号