| 6 ᠰᠠᠷ᠎ᠠ ᠶᠢᠨ 12 ᠤᠨ ᠡᠳᠦᠷ᠂ ᠵᠠᠷᠤᠳ ᠬᠤᠰᠢᠭᠤ ᠥᠩᠭᠡᠷᠡᠭᠰᠡᠨ ᠵᠢᠯ ᠤᠳ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠪᠠ ᠣᠯᠠᠨ ᠲᠦᠮᠡᠨ ᠤ ᠣᠷᠴᠢᠨ ᠲᠣᠭᠤᠷᠢᠨ ᠤ | ᠲᠤᠬᠠᠢ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠳᠣᠭᠢᠷᠠᠭᠤᠯᠤᠨ ᠠᠬᠢᠭᠤᠯᠬᠤ | ᠬᠤᠷᠠᠯ ᠬᠢᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ | ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠬᠤᠰᠢᠭᠤᠨ ᠤᠳᠤᠷᠢᠳᠤᠯᠭ᠎ᠠ ᠮᠦ ᠲᠢᠶᠧ ᠮᠢᠨ᠂ ᠢᠦᠶ ᠬᠠᠶ | ᠪᠦᠦ᠂ ᠱᠠᠨ ᠬᠤᠸᠠ ᠴᠢ᠂ ᠵᠠᠩ ᠯᠢ ᠭᠦᠸᠧ᠂ ᠸᠠᠩ ᠾᠧ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤ | ᠲᠠᠯᠠᠪᠠᠶ᠂ ᠵᠡᠭᠡᠯᠢ ᠭᠤᠳᠤᠮᠵᠢ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ | ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ 5 ᠰᠠᠷ᠎ᠠ ᠶᠢᠨ 20 ᠤ ᠡᠳᠦᠷ ᠸᠠᠩ ᠯᠢ ᠰᠢᠶᠠ ᠲᠡᠷᠢᠭᠦᠯᠡᠭᠴᠢ ᠶᠢᠨ ᠡᠷᠭᠢᠯᠡᠨ ᠬᠢᠭᠰᠡᠨ | ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠵᠤ᠂ ︽ᠪᠥᠬᠦ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠦᠷᠢᠶ᠎ᠡ ᠴᠠᠷ᠎ᠠ ᠳᠠᠬᠢ ᠲᠣᠪᠤᠶᠢᠮ᠎ᠠ | ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠥᠷᠨᠢᠭᠦᠯᠬᠦ ᠲᠤᠬᠠᠶ ᠮᠡᠳᠡᠭᠳᠡᠯ | ︾ ᠢ ᠤᠩᠰᠢᠨ ᠨᠡᠶᠢᠲᠡᠯᠡᠪᠡ︔ ᠬᠠᠮᠢᠶ᠎ᠠ ᠪᠥᠬᠦᠶ ᠲᠦᠷᠦᠭᠦᠯᠡᠨ ᠬᠢᠬᠦ ᠭᠠᠵᠠᠷ ᠣᠷᠣᠨ ᠪᠠ ᠰᠠᠯᠠᠭ᠎ᠠ ᠮᠥᠴᠢᠷ ᠬᠢᠨ | ᠴᠡᠭᠴᠡᠯᠡᠨ ᠰᠠᠶᠢᠵᠢᠷᠠᠭᠤᠯᠵᠤ ᠳᠠᠭᠤᠰᠤᠭ᠎ᠠ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ | ᠬᠠᠷᠢᠭᠤ ᠲᠤᠰᠬᠠᠭᠰᠠᠨ ᠰᠠᠨᠠᠯ ᠪᠠ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠴᠡᠭᠴᠡᠯᠡᠨ | ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢᠶᠠᠨ ᠨᠢᠭᠡᠳ ᠨᠢᠭᠡ ᠪᠠᠷ ᠬᠠᠷᠢᠭᠤ ᠮᠡᠳᠡᠭᠦᠯᠪᠡ︔ ᠬᠤᠪᠢᠳᠠᠨ | ᠬᠠᠮᠢᠶᠠᠷᠴᠤ ᠪᠠᠶᠢᠭ᠎ᠠ ᠳᠡᠳ᠋ ᠬᠤᠰᠢᠭᠤᠨ ᠳᠠᠷᠤᠭ᠎ᠠ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠪᠦᠦ ᠸᠧᠨ ᠯᠠᠨ ᠴᠢᠬᠤᠯᠠᠴᠢᠯᠠᠭᠰᠠᠨ ᠨᠢ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ | ᠲᠥᠪ ᠬᠤᠷᠢᠶ᠎ᠠ ᠠᠴᠠ ᠪᠢᠳᠡᠨ ᠳᠤ ᠲᠤᠰᠢᠶᠠᠭᠰᠠᠨ ᠴᠢᠬᠤᠯᠠ ᠶᠡᠭᠡ ᠡᠭᠦᠷᠭᠡ᠂ ᠴᠢᠬᠤᠯᠠ ᠲᠣᠰᠢᠶᠠᠯ ᠪᠣᠯᠤᠨ᠎ᠠ᠃ ᠡᠯ᠎ᠡ | ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠠᠶᠢᠳᠠᠯ ᠢ ᠲᠣᠳᠣᠷᠬᠠᠢ ᠲᠠᠨᠢᠵᠤ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠵᠠᠰᠠᠯᠲᠠ ᠶᠢᠨ ᠠᠵᠢᠯ ᠢ ᠰᠠᠶᠢᠲᠤᠷ ᠬᠢᠬᠦ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ | ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠤᠯᠤᠰ ᠲᠦᠷᠦ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠶᠡᠭᠡ ᠤᠯᠤᠰ | ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠬᠦ ᠬᠡᠷᠡᠭᠲᠡᠢ᠃ ᠶᠡᠷᠦᠩᠬᠡᠢ ᠱᠦᠵᠢ ᠶᠢᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠲᠠᠢ ᠨᠠᠷᠢᠨ ᠬᠢᠨᠠᠮᠠᠭᠠᠢ ᠬᠠᠷᠭᠤᠭᠤᠯᠵᠤ᠂ ᠤᠬᠠᠮᠰᠠᠷ ᠠᠴᠠ ᠪᠠᠨ ︽ᠬᠤᠶᠠᠷ ᠢ ᠲᠣᠭᠲᠠᠭᠠᠬᠤ︾ ᠶᠢ | ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠦᠨᠳᠦᠷᠴᠡ ᠠᠴᠠ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠳᠤ ᠬᠠᠨᠳᠤᠵᠤ᠂ ᠡᠭᠦᠷᠭᠡᠲᠦ ᠪᠤᠳᠣᠯ᠂ ᠬᠠᠷᠢᠭᠤᠴᠠᠯᠭᠠᠲᠤ ᠰᠡᠳᠬᠢᠯᠭᠡ ᠪᠠᠨ ᠣᠯᠠᠮ ᠨᠢᠭᠡ ᠠᠯᠬᠤᠮ | ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ | ᠲᠡᠷᠡ ᠶᠣᠰᠣᠭᠠᠷ ᠨᠢ ᠰᠠᠶᠢᠲᠤᠷ ᠬᠢᠬᠦ ᠬᠡᠷᠡᠭᠲᠡᠢ᠃ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠦᠪᠡᠷ | ᠦᠪᠡᠷ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠥᠩᠭᠡᠷᠡᠭᠰᠡᠨ ᠵᠢᠯ ᠤᠳ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠪᠣᠯᠤᠨ ᠤᠯᠠᠨ ᠲᠦᠮᠡᠨ ᠤ ᠵᠠᠬᠢᠳᠠᠯ | ᠰᠤᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠰᠠᠨ ᠬᠤᠭᠤᠴᠠᠭ᠎ᠠ ᠲᠠᠢ ᠪᠠᠷ ᠲᠤᠬᠢᠷᠠᠭᠤᠯᠤᠨ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠪᠣᠯᠤᠨ ᠲᠦᠩᠯᠢᠶᠦᠦ ᠬᠤᠳᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ | ᠬᠠᠮᠢᠶ᠎ᠠ ᠪᠦᠬᠦᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠲᠤᠬᠠᠢ ᠶᠢᠨ ᠭᠠᠵᠠᠷ ᠲᠤᠨᠢ ᠲᠠᠬᠢᠨ | ᠬᠢᠨᠠᠬᠤ ᠪᠠ ᠲᠤᠬᠠᠢ ᠶᠢᠨ ᠭᠠᠵᠠᠷ ᠲᠤᠨᠢ ᠬᠢᠨᠠᠨ ᠰᠢᠢᠳᠪᠦᠷᠢᠯᠡᠵᠦ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠥᠬᠦᠴᠡᠯ ᠦᠭᠡᠢ ᠪᠠᠷ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ | ᠂ ᠴᠢᠬᠤᠯᠠᠴᠢᠯᠠᠬᠤ ᠬᠡᠮᠵᠢᠶ᠎ᠡ ᠪᠠᠨ ᠳᠡᠭᠡᠭᠰᠢᠯᠡᠭᠦᠯᠵᠦ᠂ ᠬᠤᠰᠢᠭᠤᠨ ᠤ ᠵᠠᠰᠠᠭ ᠤᠨ ᠣᠷᠳᠣᠨ ᠪᠣᠯᠤᠨ ᠬᠤᠰᠢᠭᠤᠨ ᠤ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠦᠪᠯᠡᠯ ᠤᠨ ᠠᠯᠪᠠᠨ ᠭᠡᠷ ᠤᠨ ᠲᠤᠬᠢᠷᠠᠭᠤᠯᠤᠯᠳᠠ | ᠪᠠᠶᠢᠷᠢᠯᠠᠭᠤᠯᠤᠯᠲᠠ ᠶᠣᠰᠣᠭᠠᠷ ᠡᠯ᠎ᠡ ᠵᠦᠢᠯ ᠤᠨ ᠠᠵᠢᠯ ᠢᠶᠠᠨ ᠨᠠᠷᠢᠨ ᠬᠢᠨᠠᠮᠠᠭᠠᠢ ᠠᠬᠢᠭᠤᠯᠬᠤ ᠬᠡᠷᠡᠭᠲᠡᠢ ᠭᠡᠪᠡ᠃ | ᠪᠦᠦ ᠸᠧᠨ ᠯᠠᠨ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠴᠢᠨᠠᠷ ᠰᠠᠶᠢᠲᠠᠢ | ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ | ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠵᠤ᠂ ᠥᠨᠳᠥᠷ ᠲᠦᠪᠰᠢᠨ ᠪᠦᠬᠦᠢ | ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ | ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃ ᠴᠠᠭ ᠬᠤᠭᠤᠴᠠᠭ᠎ᠠ ᠶᠢ ᠡᠵᠡᠮᠰᠢᠵᠦ᠂ ᠥᠨᠳᠥᠷ | ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠵᠤ | ᠂ ᠡᠯ᠎ᠡ ᠵᠦᠢᠯ ᠤᠨ ᠡᠭᠦᠷᠭᠡ ᠶᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠴᠢᠩᠭ᠎ᠠ ᠬᠢᠨᠠᠵᠤ᠂ ᠨᠠᠷᠢᠨ | ᠬᠢᠨᠠᠮᠠᠭᠠᠶ ᠵᠢᠭᠰᠠᠭᠠᠨ ᠪᠠᠶᠢᠴᠠᠭᠠᠵᠤ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠬᠦ ᠪᠠ ᠥᠪᠡᠰᠦᠪᠡᠨ ᠪᠠᠶᠢᠴᠠᠭᠠᠵᠤ | ᠥᠪᠡᠰᠦᠪᠡᠨ ᠵᠠᠯᠠᠷᠠᠭᠤᠯᠵᠤ ᠢᠯᠡᠷᠡᠭᠦᠯᠦᠭᠰᠡᠨ ᠲᠣᠪᠤᠶᠢᠮ᠎ᠠ ᠠᠰᠠᠭᠤᠳᠠᠯ ᠳᠤ ᠨᠠᠷᠢᠨ ᠲᠠᠩᠰᠠ ᠭᠠᠷᠭᠠᠵᠤ᠂ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠪᠡᠶᠡᠯᠡᠭᠦᠯᠬᠦ ᠴᠠᠭ ᠤᠨ ᠬᠢᠵᠠᠭᠠᠷ ᠢ ᠨᠢᠭᠡᠳ ᠨᠢᠭᠡ ᠪᠠᠷ ᠲᠣᠳᠣᠷᠬᠠᠶᠢᠯᠠᠵᠤ᠂ | ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠬᠠᠷᠢᠶ᠎ᠠ ᠭᠠᠵᠠᠷ ᠤᠨ ᠴᠡᠭᠴᠡᠯᠡᠨ | ᠰᠠᠶᠢᠵᠢᠷᠠᠭᠤᠯᠬᠤ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ | ᠬᠡᠷᠡᠭᠵᠢᠭᠦᠯᠬᠦ ᠶᠢ ᠪᠣᠲᠠᠲᠠᠶᠢᠵᠢᠭᠤᠯᠵᠤ᠂ ᠴᠢᠩᠭ᠎ᠠ ᠪᠦᠭᠡᠳ ᠲᠦᠷᠭᠡᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ | ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠪᠣᠯ ᠨᠢᠭᠡ | ᠵᠦᠢᠯ ᠤᠨ ᠣᠷᠳᠣ ᠬᠤᠭᠤᠴᠠᠭᠠᠨ ᠤ ᠤᠯᠤᠰ ᠲᠥᠷᠥ ᠶᠢᠨ ᠡᠭᠦᠷᠭᠡ ᠮᠥᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ | ᠪᠣᠯᠤᠨ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠨᠠᠷᠢᠨ ᠬᠢᠨᠠᠮᠠᠭᠠᠶ ᠳᠣᠭᠢᠷᠠᠭᠤᠯᠤᠨ ᠪᠠᠶᠢᠷᠢᠯᠠᠭᠤᠯᠵᠤ᠂ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠯ᠎ᠡ ᠵᠦᠢᠯ ᠤᠨ ᠴᠡᠭᠴᠡᠯᠡᠨ | ᠰᠠᠶᠢᠵᠢᠷᠠᠭᠤᠯᠬᠤ ᠡᠭᠦᠷᠭᠡ ᠶᠢ ᠴᠢᠩᠭ᠎ᠠ ᠪᠣᠲᠠᠲᠠᠢ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠮᠢ ᠠᠬᠤᠶ | ᠣᠷᠴᠢᠨ ᠲᠣᠭᠤᠷᠢᠨ ᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠬᠠᠮᠲᠤ ᠪᠠᠷ ᠠᠬᠢᠭᠤᠯᠬᠤ ᠬᠡᠷᠡᠭᠲᠡᠶ | ᠭᠡᠪᠡ᠃ | |