ᠳᠤᠮᠳᠠᠳᠤ ᠤᠯᠤᠰ ᠤᠨ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠤᠨ ᠲᠡᠷᠢᠭᠦᠯᠡᠭᠴᠢ ᠯᠸᠢ ᠵᠢᠶᠦ᠋ᠨ ᠵᠠᠷᠤᠳ ᠬᠤᠰᠢᠭᠤᠨ ᠳᠤ ᠢᠷᠡᠵᠦ ᠨᠠᠰᠤᠲᠠᠶᠢᠴᠤᠳ ᠤᠨ ᠪᠡᠶ᠎ᠡ ᠲᠠᠮᠢᠷ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/19
    6 ᠰᠠᠷ᠎ᠠ ᠶᠢᠨ 17 ᠤ ᠡᠳᠦᠷ᠂ ᠳᠤᠮᠳᠠᠳᠤ ᠤᠯᠤᠰ ᠤᠨ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠤᠨ ᠲᠡᠷᠢᠭᠦᠯᠡᠭᠴᠢ ᠯᠸᠢ ᠵᠢᠶᠦ᠋ᠨ ᠵᠠᠷᠤᠳ ᠬᠤᠰᠢᠭᠤᠨ ᠳᠤ ᠢᠷᠡᠵᠦ ᠨᠠᠰᠤᠲᠠᠶᠢᠴᠤᠳ ᠤᠨ ᠪᠡᠶ᠎ᠡ ᠲᠠᠮᠢᠷ ᠤᠨ ᠠᠵᠢᠯ ᠢ ᠪᠠᠶᠢᠴᠠᠭᠠᠨ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠤᠨ ᠲᠡᠷᠢᠭᠦᠯᠡᠭᠴᠢ ᠸᠠᠩ ᠢᠦᠢ ᠮᠢᠩ᠂ ᠲᠦᠩᠯᠢᠶᠣᠤ ᠬᠤᠳᠠ ᠶᠢᠨ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠤᠨ ᠲᠡᠷᠢᠭᠦᠯᠡᠭᠴᠢ ᠦ᠋ ᠶᠢᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠭᠦᠸᠧ ᠶᠠ ᠹᠧᠩ ᠪᠣᠯᠤᠨ ᠬᠤᠰᠢᠭᠤᠨ ᠤ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠤᠨ ᠲᠡᠷᠢᠭᠦᠯᠡᠭᠴᠢ ᠲᠠᠢ ᠰᠢᠤᠸᠠᠢ ᠯᠠᠨ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
微信图片_20240619095020.jpg
     ᠬᠤᠰᠢᠭᠤᠨ ᠤ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠲᠤ᠂ ᠯᠸᠢ ᠵᠢᠶᠦ᠋ᠨ ᠬᠠᠮᠳᠤ ᠶᠠᠪᠤᠭᠰᠠᠳ  ᠲᠠᠢ ᠪᠠᠨ ᠨᠠᠰᠤᠲᠠᠶᠢᠴᠤᠳ ᠤᠨ ᠪᠡᠶ᠎ᠡ ᠲᠠᠮᠢᠷ ᠤᠨ ᠦᠢᠯᠡᠰ ᠤᠨ ᠬᠥᠭᠵᠢᠯᠲᠡ ᠶᠢᠨ ᠤᠶᠠᠨ ᠬᠠᠳᠠᠨ ᠲᠣᠨᠤᠭ ᠲᠥᠬᠦᠭᠡᠷᠦᠮᠵᠢ ᠪᠠ ᠴᠢᠴᠢᠬᠦᠷ ᠪᠥᠮᠪᠦᠭᠡ ᠶᠢᠨ ᠣᠷᠳᠣᠨ᠂ ᠡᠭᠦᠳᠡᠨ ᠪᠥᠮᠪᠦᠭᠡ ᠶᠢᠨ ᠣᠷᠳᠣᠨ ᠵᠡᠷᠭᠡ ᠨᠠᠰᠤᠲᠠᠶᠢᠴᠤᠳ ᠤᠨ ᠠᠵᠢᠯᠯᠠᠭᠠᠨ ᠤ ᠲᠠᠯᠠᠪᠤᠷ ᠢ ᠪᠠᠶᠢᠴᠠᠭᠠᠨ ᠦᠵᠡᠵᠦ᠂ ᠪᠥᠬᠦ ᠬᠤᠰᠢᠭᠤᠨ ᠤ ᠨᠠᠰᠤᠲᠠᠶᠢᠴᠤᠳ ᠤᠨ ᠪᠡᠶ᠎ᠡ ᠲᠠᠮᠢᠷ ᠤᠨ ᠡᠯ᠎ᠡ ᠵᠦᠢᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃    
微信图片_20240619095015.jpg
     ᠯᠸᠢ ᠵᠢᠶᠦ᠋ᠨ ᠵᠢᠭᠠᠪᠤᠷᠢᠯᠠᠭᠰᠠᠨ ᠨᠢ᠂ ᠨᠠᠰᠤᠲᠠᠶᠢᠴᠤᠳ ᠤᠨ ᠪᠡᠶ᠎ᠡ ᠲᠠᠮᠢᠷ ᠤᠨ ᠠᠵᠢᠯ ᠪᠣᠯ ᠮᠠᠨ ᠤ ᠤᠯᠤᠰ ᠤᠨ ᠨᠠᠰᠤᠲᠠᠶᠢᠴᠤᠳ ᠤᠨ ᠦᠢᠯᠡᠰ ᠪᠠ ᠪᠡᠶ᠎ᠡ ᠲᠠᠮᠢᠷ ᠤᠨ ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠪᠣᠯ ᠨᠠᠮ ᠪᠠ ᠵᠠᠰᠠᠭ ᠤᠨ ᠣᠷᠳᠣᠨ ᠤ ᠨᠠᠰᠤᠲᠠᠶᠢᠴᠤᠳ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠮᠥᠨ᠂ ᠨᠠᠰᠤᠲᠠᠶᠢᠴᠤᠳ ᠤᠨ ᠣᠯᠠᠨ ᠨᠡᠶᠢᠲᠡ ᠶᠢᠨ ᠰᠣᠶᠣᠯ ᠪᠠ ᠪᠡᠶ᠎ᠡ ᠲᠠᠮᠢᠷ ᠤᠨ ᠦᠢᠯᠡᠴᠢᠯᠡᠭᠡ ᠶᠢ ᠪᠡᠶᠡᠯᠡᠭᠦᠯᠬᠦ ᠵᠣᠬᠢᠶᠠᠨ ᠪᠠᠶᠢᠭᠤᠯᠤᠭᠴᠢ ᠮᠥᠨ᠃ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠰᠤᠲᠠᠶᠢᠴᠤᠳ ᠤᠨ ᠪᠡᠶ᠎ᠡ ᠲᠠᠮᠢᠷ ᠤᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠡᠳᠦᠷ ᠲᠤᠳᠤᠮ ᠤᠨ ᠠᠵᠢᠯ ᠢᠶᠠᠨ ᠥᠷᠨᠢᠭᠦᠯᠬᠦ ᠶᠢ ᠰᠠᠶᠢᠲᠤᠷ ᠠᠳᠬᠤᠵᠤ᠂ ᠨᠠᠰᠤᠲᠠᠶᠢᠴᠤᠳ ᠤᠨ ᠤᠶᠤᠨ ᠰᠠᠨᠠᠭ᠎ᠠ᠂ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠨᠠᠰᠤᠲᠠᠶᠢᠴᠤᠳ ᠤᠨ ᠠᠮᠢᠳᠤᠷᠠᠯ ᠤᠨ ᠶᠠᠰᠤ ᠴᠢᠨᠠᠷ ᠪᠣᠯᠤᠨ ᠡᠷᠡᠭᠦᠯ ᠮᠡᠨᠳᠦ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ ᠤ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠤᠨ ᠥᠷᠨᠢᠭᠦᠯᠦᠭᠰᠡᠨ ᠡᠯ᠎ᠡ ᠵᠦᠢᠯ ᠤᠨ ᠪᠡᠶ᠎ᠡ ᠲᠠᠮᠢᠷ ᠤᠨ ᠠᠵᠢᠯᠯᠠᠭ᠎ᠠ ᠶᠢ ᠦᠨᠡᠨ ᠬᠦ ᠬᠠᠯᠠᠮᠵᠢᠯᠠᠨ ᠳᠡᠮᠵᠢᠵᠦ᠂ ᠬᠠᠪᠰᠤᠷᠴᠤ ᠪᠠᠶᠢᠭᠠᠳ ᠨᠠᠰᠤᠲᠠᠶᠢᠴᠤᠳ ᠤᠨ ᠣᠷᠣᠯᠴᠠᠬᠤ ᠲᠦᠷᠦᠭᠳᠡᠯ᠂ ᠬᠦᠷᠳᠡᠭᠰᠡᠨ ᠲᠦᠷᠦᠭᠳᠡᠯ᠂ ᠵᠣᠯ ᠵᠢᠷᠭᠠᠯᠲᠤ ᠰᠠᠳᠬᠢᠯᠭᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠨᠠᠰᠤᠲᠠᠶᠢᠴᠤᠳ ᠲᠤ ᠰᠢᠨᠵᠢᠯᠡᠬᠦ ᠤᠬᠠᠭᠠᠨᠴᠢ ᠪᠡᠶ᠎ᠡ ᠴᠢᠭᠢᠷᠠᠭᠵᠢᠭᠤᠯᠬᠤ ᠵᠢᠯᠣᠭᠤᠳᠣᠯᠭ᠎ᠠ ᠬᠠᠩᠭᠠᠵᠤ᠂ ᠨᠡᠶᠢᠭᠡᠮ ᠳᠠᠶᠠᠭᠠᠷ ᠲᠤ ᠪᠡᠶ᠎ᠡ ᠴᠢᠭᠢᠷᠠᠭᠵᠢᠭᠤᠯᠬᠤ ᠶᠢ ᠡᠷᠬᠢᠮᠯᠡᠬᠦ᠂ ᠪᠡᠶ᠎ᠡ ᠴᠢᠭᠢᠷᠠᠭᠵᠢᠭᠤᠯᠬᠤ ᠳᠤ ᠣᠷᠣᠯᠴᠠᠬᠤ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠵᠤ᠂ ᠨᠠᠰᠤᠲᠠᠶᠢᠴᠤᠳ ᠤᠨ ᠪᠡᠶ᠎ᠡ ᠲᠠᠮᠢᠷ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ ᠭᠡᠪᠡ᠃     
微信图片_20240619095007.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号