ᠰᠢᠤᠢ ᠪᠦᠦ ᠵᠢᠶᠦ᠋ᠨ ᠵᠠᠷᠤᠳ ᠬᠤᠰᠢᠭᠤᠨ ᠳᠤ ᠢᠷᠡᠵᠦ ᠲᠤᠰᠬᠠᠶ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/20
              6 ᠰᠠᠷ᠎ᠠ ᠶᠢᠨ 17 ᠤ ᠡᠳᠦᠷ ᠠᠴᠠ 18 ᠤ ᠡᠳᠦᠷ ᠪᠣᠯᠲᠠᠯ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠢᠤᠢ ᠪᠦᠦ ᠵᠢᠶᠦ᠋ᠨ ᠬᠠᠮᠲᠣ ᠶᠠᠪᠣᠭᠰᠠᠳ ᠲᠠᠢ ᠪᠠᠨ ᠵᠠᠷᠤᠳ ᠬᠤᠰᠢᠭᠤᠨ ᠳᠤ ᠢᠷᠡᠵᠦ᠂ ︽ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠡᠷᠡᠭᠯᠡᠭᠡ ᠶᠢ ᠳᠡᠭᠡᠭᠰᠢᠯᠡᠭᠦᠯᠵᠦ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠬᠦ︾ ᠵᠥᠪᠯᠡᠬᠦ ᠰᠡᠳᠦᠪ ᠤᠨ ᠲᠣᠭᠤᠷᠢᠨ ᠳᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠵᠥᠪᠳᠡᠯᠴᠡᠬᠦ ᠲᠤᠰᠬᠠᠶ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠶᠦᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠦ᠋ ᠰᠢᠶᠤᠤ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠰᠢᠤᠢ ᠪᠦᠦ ᠵᠢᠶᠦ᠋ᠨ ᠬᠠᠮᠲᠣ ᠶᠠᠪᠣᠭᠰᠠᠳ ᠲᠠᠢ ᠪᠠᠨ ᠤᠷᠢᠳ ᠬᠤᠵᠢᠳ ᠡᠮᠦᠨ᠎ᠡ ᠪᠤᠯᠠᠭᠲᠤ ᠮᠦᠽᠧᠢ᠂ ᠭᠦᠩ ᠤᠨ ᠰᠠᠩ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠷᠣ ᠭᠠᠵᠠᠷ ᠤᠨ ᠬᠤᠪᠢᠯᠭᠠᠨ ᠷᠠᠰᠢᠶᠠᠨ ᠤ ᠥᠪᠡᠷ ᠢᠶᠠᠨ ᠲᠡᠷᠭᠡ ᠪᠠᠷᠢᠵᠤ ᠵᠤᠭᠠᠴᠠᠬᠤ ᠬᠡᠭᠡᠷ᠎ᠡ ᠶᠢᠨ ᠪᠠᠭᠤᠴᠠ ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠵᠢᠴᠢ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ᠂ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠢ ᠡᠭᠦᠳᠬᠦ᠂ ᠵᠠᠬ᠎ᠠ ᠳᠡᠯᠭᠡᠭᠦᠷ ᠤᠨ ᠡᠵᠡᠩᠨᠡᠯᠲᠡ ᠵᠡᠷᠭᠡ ᠲᠠᠯ᠎ᠠ ᠶᠢᠨ ᠨᠡᠶᠢᠲᠡᠯᠢᠭ ᠠᠷᠭ᠎ᠠ ᠬᠢᠳᠡᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠠᠵᠢᠯ ᠤᠨ ᠭᠤᠣᠯᠳᠠᠯᠭ᠎ᠠ ᠶᠢᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃    ᠰᠠᠭᠤᠳᠠᠯ ᠤᠨ ᠬᠤᠷᠠᠯ ᠳᠡᠭᠡᠷ᠎ᠡ᠂ ᠮᠦ ᠲᠢᠶᠧ ᠮᠢᠨ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ᠂ ᠣᠷᠣᠰᠢᠵᠤ ᠪᠠᠶᠢᠭ᠎ᠠ ᠭᠤᠤᠯ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠶᠢᠨ ᠲᠤᠬᠠᠶ ᠨᠠᠷᠢᠨ ᠮᠡᠳᠡᠭᠦᠯᠦᠯᠲᠡ ᠬᠢᠪᠠ᠃ ᠲᠡᠷᠡ ᠵᠢᠭᠠᠪᠣᠷᠢᠯᠠᠭᠰᠠᠨ ᠨᠢ᠂ ᠣᠷᠳᠣ ᠬᠤᠭᠤᠴᠠᠭᠠᠨ ᠤ ᠲᠤᠷᠰᠢ᠂ ᠵᠠᠷᠤᠳ ᠬᠤᠰᠢᠭᠤ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠨᠠᠶᠢᠳᠠᠪᠤᠷᠢᠵᠢᠭᠤᠯᠤᠨ᠂ ︽ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ︾ ᠶᠢ ᠪᠠᠷᠢᠮᠲᠠᠯᠠᠵᠤ᠂ ᠲᠣᠰ ᠪᠡᠶ᠎ᠡ ᠶᠢᠨ ᠰᠣᠶᠣᠯ ᠪᠠ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠬᠤᠷᠠᠯ ᠪᠠ ︽ᠥᠪᠥᠷ ᠮᠣᠩᠭᠤᠯ ᠤᠨ ᠵᠡᠭᠦᠨ ᠬᠡᠰᠡᠭ ᠤᠨ ᠵᠢᠷᠭᠤᠭᠠᠨ ᠬᠤᠰᠢᠭᠤ ᠰᠢᠶᠠᠨ ᠬᠤᠲᠠ ᠶᠢᠨ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ︾ ᠢᠶᠠᠷ ᠠᠵᠠ ᠲᠣᠬᠢᠶᠠᠯ ᠪᠣᠯᠭᠠᠵᠤ᠂ ︽ᠬᠤᠶᠠᠷ ᠲᠥᠪ ᠨᠢᠭᠡ ᠬᠤᠩᠬᠢᠯ ᠭᠤᠷᠪᠠᠨ ᠣᠷᠣᠨ︾ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠶᠢᠷᠢᠰᠢᠭᠤᠯᠤᠯᠲᠠ ᠪᠠ ︽ᠬᠤᠷᠳᠣᠨ ᠬᠦᠷᠴᠦ ᠠᠭᠠᠵᠢᠭᠤ ᠵᠢᠭᠤᠯᠴᠢᠯᠠᠬᠤ︾ ᠵᠢᠭᠤᠯᠴᠢᠯᠠᠯ ᠤᠨ ᠲᠣᠭᠤᠷᠢᠯ ᠱᠤᠭᠤᠮ ᠢ ᠲᠦᠷᠭᠡᠳᠬᠡᠨ ᠪᠠᠶᠢᠭᠤᠯᠵᠤ᠂ ︽ᠦᠵᠡᠰᠭᠦᠯᠡᠩᠲᠦ ᠰᠠᠶᠢᠬᠠᠨ ᠬᠤᠷᠴᠢᠨ  ᠲᠠᠩᠰᠤᠭ ᠪᠠᠶᠠᠨ ᠵᠠᠷᠤᠳ︾ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭ ᠢ ᠢᠳᠡᠪᠬᠢᠲᠡᠢ ᠡᠭᠦᠳᠴᠦ᠂ ᠵᠠᠷᠤᠳ ᠬᠤᠰᠢᠭᠤᠨ ᠤ ᠣᠯᠠᠨ ᠶᠠᠩᠵᠤ ᠶᠢᠨ ᠪᠠᠶᠢᠭᠠᠯᠢ ᠶᠢᠨ ᠠᠮᠢ ᠠᠬᠤᠢ ᠶᠢᠨ ᠳᠡᠪᠢᠰᠬᠡᠷ ᠥᠩᠭᠡ ᠪᠠ ᠥᠨᠢ ᠤᠳᠠᠭᠠᠨ ᠲᠡᠦᠬᠡ ᠰᠣᠶᠣᠯ ᠢ ᠳᠡᠯᠭᠡᠨ ᠦᠵᠡᠭᠦᠯᠵᠦ᠂ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠣᠨ᠎ᠠ ᠭᠡᠪᠡ᠃    ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠵᠢᠴᠢ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠭᠦᠢᠴᠡᠳ ᠨᠤᠲᠠᠯᠠᠬᠤ ᠶᠢᠨ ᠬᠠᠮᠲᠤ ᠵᠢᠭᠤᠯᠴᠢᠯᠠᠯ ᠤᠨ ᠦᠢᠯᠡᠳᠭᠦᠨ ᠢ ᠡᠭᠦᠳᠬᠦ᠂ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠬᠤᠷᠠᠯ ᠳᠤ ᠣᠷᠣᠯᠴᠠᠭᠰᠠᠨ ᠰᠠᠯᠠᠭ᠎ᠠ ᠮᠥᠴᠢᠷ ᠨᠢᠭᠡᠴᠡ ᠲᠠᠢ ᠰᠠᠨᠠᠯ ᠢᠶᠠᠨ ᠰᠣᠯᠢᠯᠴᠠᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠪᠠ᠃    ᠰᠢᠤᠢ ᠪᠦᠦ ᠵᠢᠶᠦ᠋ᠨ ᠴᠢᠬᠤᠯᠠᠴᠢᠯᠠᠭᠰᠠᠨ ᠨᠢ᠂ ᠬᠥᠭᠵᠢᠯᠲᠡ ᠶᠢᠨ ᠰᠡᠳᠬᠢᠴᠡ ᠪᠠᠨ ᠣᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠣᠶᠣᠯ ᠵᠢᠭᠤᠯᠴᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠢᠳᠡᠪᠬᠢᠲᠡᠢ ᠠᠬᠢᠭᠤᠯᠵᠤ᠂ ᠰᠣᠶᠣᠯ ᠪᠠ ᠵᠢᠭᠤᠯᠴᠢᠯᠠᠯ ᠢ ᠦᠨᠡᠨ ᠬᠦ ᠬᠠᠷᠢᠯᠴᠠᠨ ᠠᠭᠤᠰᠤᠯᠴᠠᠭᠤᠯᠵᠤ᠂ ᠬᠠᠷᠢᠯᠴᠠᠨ ᠲᠤᠪᠤᠶᠢᠯᠭᠠᠬᠤ ᠬᠡᠷᠡᠭᠲᠡᠢ᠃ ᠡᠬᠢ ᠪᠠᠶᠠᠯᠢᠭ ᠢ ᠨᠢᠭᠡᠳᠭᠡᠵᠦ᠂ ᠰᠣᠶᠣᠯ ᠵᠢᠭᠤᠯᠴᠢᠯᠠᠯ ᠪᠣᠯᠤᠨ ᠪᠤᠰᠤᠳ ᠬᠤᠯᠪᠣᠭᠳᠠᠬᠤ ᠠᠵᠤ ᠦᠢᠯᠡᠰ ᠤᠨ ᠬᠠᠷᠢᠯᠴᠠᠨ ᠠᠭᠤᠰᠤᠯᠴᠠᠬᠤ ᠶᠢ ᠤᠯᠠᠮ ᠨᠢᠭᠡ ᠠᠯᠬᠤᠮ ᠠᠬᠢᠭᠤᠯᠵᠤ᠂ ᠠᠵᠤ ᠦᠢᠯᠡᠰ ᠤᠨ ᠬᠤᠯᠪᠣᠭᠳᠠᠯ ᠢ ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠭᠲᠠᠭᠠᠮᠵᠢᠲᠤ ᠴᠢᠨᠠᠷ ᠪᠣᠯᠤᠨ ᠦᠷᠭᠦᠯᠵᠢᠯᠡᠬᠦᠶᠢᠴᠡ ᠴᠢᠨᠠᠷ ᠢ ᠠᠬᠢᠭᠤᠯᠬᠤ ᠬᠡᠷᠡᠭᠲᠡᠢ᠃ ᠵᠢᠭᠤᠯᠴᠢᠯᠠᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠤᠬᠠᠭᠤᠯᠤᠨ ᠲᠠᠨᠢᠯᠴᠠᠭᠤᠯᠵᠤ᠂ ᠲᠠᠨᠢᠯᠲᠠ ᠶᠢᠨ ᠬᠡᠮᠵᠢᠶ᠎ᠡ ᠪᠠᠨ ᠳᠡᠭᠡᠭᠰᠢᠯᠡᠭᠦᠯᠵᠦ᠂ ᠵᠠᠷᠤᠳ ᠬᠤᠰᠢᠭᠤᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠡᠯᠪᠡᠭ ᠪᠠᠶᠠᠯᠢᠭ ᠥᠪᠡᠷᠮᠢᠴᠡ ᠳᠠᠪᠠᠭᠤᠯᠢᠭ ᠢ  ᠭᠦᠢᠴᠡᠳ ᠪᠠᠳᠠᠷᠠᠭᠤᠯᠵᠤ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠠᠵᠢᠯ ᠢ ᠭᠦᠢᠴᠡᠳ ᠬᠢᠵᠦ᠂ ᠭᠦᠨᠵᠡᠭᠡᠶᠢᠷᠡᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠯᠤᠭᠳᠠᠬᠤᠨ ᠪᠠ ᠶᠠᠰᠤ ᠴᠢᠨᠠᠷ ᠢ ᠳᠡᠭᠡᠭᠰᠢᠯᠡᠭᠦᠯᠵᠦ᠂ ᠨᠠᠩ ᠣᠯᠠᠨ ᠵᠤᠭᠠᠴᠠᠭᠰᠠᠳ ᠢ ᠵᠠᠷᠤᠳ ᠬᠤᠰᠢᠭᠤᠨ ᠳᠤ ᠲᠡᠳᠡᠨ ᠠᠪᠴᠢᠷᠠᠬᠤ ᠶᠢᠨ ᠬᠠᠮᠲᠤ ᠪᠥᠬᠦ ᠠᠷᠠᠳ ᠤᠨ ᠵᠢᠭᠤᠯᠴᠢᠯᠠᠯ ᠤᠨ ᠤᠬᠠᠮᠰᠠᠷ ᠢ ᠴᠢᠩᠭᠠᠳᠬᠠᠵᠤ᠂ ᠪᠥᠬᠦ ᠠᠷᠠᠳ ᠢᠶᠠᠷ ᠢᠶᠠᠨ ᠵᠢᠭᠤᠯᠴᠢᠯᠠᠯ ᠤᠨ ᠬᠥᠭᠵᠢᠯᠲᠡ ᠳᠤ ᠣᠷᠣᠯᠴᠠᠭᠤᠯᠬᠤ ᠬᠡᠷᠡᠭᠲᠡᠶ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号