| 6 ᠰᠠᠷ᠎ᠠ ᠶᠢᠨ 20 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ | ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 84 ᠳ᠋ᠦ᠋ᠭᠡᠷ ᠤᠳᠠᠭᠠᠨ ᠤ ᠪᠠᠶᠢᠩᠭᠤ ᠶᠢᠨ | ᠬᠤᠷᠢᠶᠠᠨ ᠤ ᠬᠤᠷᠠᠯ ᠢ ᠡᠷᠬᠢᠯᠡᠨ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠪᠦᠦ ᠸᠧᠨ ᠯᠠᠨ ᠵᠡᠷᠭᠡ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ | ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠡᠦ ᠴᠢᠩ ᠬᠠᠶ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠶᠦᠩ ᠵᠡᠷᠭᠡ | ᠤᠳᠤᠷᠢᠳᠤᠯᠭ᠎ᠠ ᠬᠤᠷᠠᠯ ᠳᠤ ᠰᠤᠯᠠ ᠣᠷᠣᠯᠴᠠᠪᠠ᠃ | ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ | ᠶᠠᠷᠢᠶᠠᠨ ᠤ ᠵᠣᠷᠢᠭ ᠰᠠᠨᠠᠭ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠪᠠ︔ ᠪᠦᠬᠦ ᠣᠷᠣᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ | ᠵᠠᠬᠢᠷᠤᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠰᠦᠨ ᠱᠤᠤ ᠴᠧᠩ ᠨᠥᠬᠦᠷ ᠱᠦᠵᠢ ᠶᠢᠨ ᠲᠤᠰᠬᠠᠢ | ᠰᠡᠳᠦᠪᠲᠦ ᠬᠤᠷᠠᠯ ᠳᠡᠭᠡᠷ᠎ᠡ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠲᠠᠪᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠪᠠ᠃ | ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ | ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠪᠦᠬᠦ ᠤᠯᠤᠰ ᠤᠨ ︽ᠲᠦᠷᠪᠡᠨ ᠰᠠᠶᠢᠨᠲᠠᠢ ᠬᠥᠳᠡᠭᠡ | ᠲᠣᠰᠬᠤᠨ ᠤ ᠵᠠᠮ︾ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠬᠤᠢ ᠲᠠᠯᠠᠪᠠᠢ ᠶᠢᠨ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠨᠢᠭᠡ ᠡᠭᠡᠯᠵᠢ ᠶᠢᠨ ᠬᠥᠳᠡᠭᠡ | ᠲᠣᠰᠬᠤᠨ ᠤ ᠵᠠᠰᠠᠮᠠᠯ ᠵᠠᠮ ᠢ ᠳᠡᠰ ᠳᠡᠪᠰᠢᠭᠦᠯᠬᠦ ᠠᠵᠢᠯᠯᠠᠭ᠎ᠠ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠬᠥᠳᠡᠭᠡ | ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠦᠯᠢᠭᠡᠷ ᠳᠠᠭᠤᠷᠢᠶᠠᠯ ᠢ ᠪᠤᠢ ᠪᠣᠯᠭᠠᠬᠤ ᠳᠤ ᠬᠦᠴᠦᠲᠡᠢ | ᠲᠤᠯᠭᠠᠭᠤᠷᠢᠯᠠᠯ ᠬᠠᠩᠭᠠᠬᠤ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ | ᠪᠠᠷᠢᠮᠲᠠᠯᠠᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠯ᠎ᠡ ᠵᠦᠢᠯ ᠤᠨ ᠠᠵᠢᠯ ᠢ ᠨᠠᠷᠢᠯᠢᠭ | ᠪᠣᠳᠠᠲᠠᠢ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ︽ᠲᠦᠷᠪᠡᠨ ᠵᠦᠢᠯ ᠤᠨ | ᠲᠣᠭᠲᠠᠴᠠ︾ ᠶᠢ ᠰᠠᠶᠢᠲᠤᠷ ᠬᠡᠷᠡᠭᠵᠢᠭᠦᠯᠵᠦ᠂ ᠭᠠᠩ ᠬᠠᠭᠰᠠᠷᠠᠭᠠᠨ ᠲᠠᠢ ᠲᠡᠮᠡᠴᠡᠬᠦ ᠤᠰᠤᠨ ᠤ ᠡᠬᠢ ᠰᠤᠷᠪᠤᠯᠵᠢ ᠶᠢ | ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ | ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠢ᠃ ᠨᠠᠮ ᠤᠨ | ᠰᠤᠷᠭᠠᠭᠤᠯᠢ ᠶᠢᠨ ᠤᠳᠤᠷᠢᠳᠬᠤ ᠪᠠᠭ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠪᠣᠯᠤᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠤᠨᠤᠯ ᠤᠨ ᠰᠢᠰᠲ᠋ᠧᠮ ᠢ ᠤᠬᠠᠮᠰᠠᠷ ᠠᠴᠠ ᠪᠠᠨ ᠪᠠᠷᠢᠮᠲᠠᠯᠠᠵᠤ᠂ ᠤᠨᠤᠯ ᠤᠨ ᠲᠦᠪᠰᠢᠨ ᠪᠣᠯᠤᠨ | ᠮᠡᠳᠡᠯᠭᠡ ᠶᠢᠨ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠣᠷᠣᠨ ᠨᠤᠲᠤᠭ ᠤᠨ ᠣᠨᠴᠠᠯᠢᠭ ᠢ | ᠦᠨᠳᠦᠰᠦᠯᠡᠵᠦ᠂ ᠤᠨᠤᠯ ᠪᠣᠯᠤᠨ ᠪᠣᠳᠠᠲᠤ ᠪᠠᠶᠢᠳᠠᠯ ᠢ ᠤᠶᠠᠯᠳᠤᠭᠤᠯᠤᠭᠰᠠᠨ ᠣᠨᠴᠠᠯᠢᠭ ᠲᠠᠢ ᠬᠢᠴᠢᠶᠡᠯ ᠤᠨ | ᠲᠠᠩᠬᠢᠮ ᠢ ᠦᠢᠯᠡᠳᠴᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠵᠣᠷᠢᠭ ᠰᠠᠨᠠᠭ᠎ᠠ ᠪᠠᠷ ᠨᠠᠮ ᠤᠨ | ᠰᠤᠷᠭᠠᠭᠤᠯᠢ ᠶᠢᠨ ᠠᠵᠢᠯ ᠤᠨ ᠠᠮᠵᠢᠯᠲᠠ ᠲᠠᠢ ᠲᠤᠷᠰᠢᠯᠭ᠎ᠠ ᠶᠢ ᠵᠠᠯᠭᠠᠮᠵᠢᠯᠠᠨ ᠬᠥᠭᠵᠢᠭᠦᠯᠵᠦ᠂ ᠨᠠᠮ ᠤᠨ | ᠰᠤᠷᠭᠠᠭᠤᠯᠢ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ ᠶᠢ ᠠᠬᠢᠭᠤᠯᠬᠤ ᠬᠡᠷᠡᠭᠲᠡᠢ ᠭᠡᠪᠡ᠃ | ᠱᠤᠤ ᠶᠠᠨ ᠵᠢᠶᠦ᠋ᠨ ᠱᠠᠭᠠᠷᠳᠠᠭᠰᠠᠨ ᠨᠢ᠂ ︽ᠵᠢᠷᠭᠤᠭᠠᠨ ᠢᠨᠵᠧᠨᠧᠷᠢᠩ︾ ᠢ ᠰᠠᠶᠢᠲᠤᠷ | ᠨᠠᠶᠢᠳᠠᠪᠤᠷᠢᠵᠢᠭᠤᠯᠬᠤ ᠪᠠᠷ ᠴᠢᠬᠤᠯᠠ ᠭᠠᠷᠳᠠᠴᠠ ᠪᠣᠯᠭᠠᠵᠤ᠂ ︽ᠲᠠᠪᠤᠨ ᠶᠡᠭᠡ ᠡᠭᠦᠷᠭᠡ︾ ᠶᠢᠨ ᠴᠢᠬᠤᠯᠠ ᠶᠡᠭᠡ | ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠡᠯ᠎ᠡ ᠲᠦᠷᠦᠭᠦᠯᠡᠨ ᠬᠢᠬᠦ ᠰᠠᠯᠠᠭ᠎ᠠ | ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠠᠵᠢᠯ ᠤᠨ ᠰᠤᠷᠭᠤᠭ ᠬᠡᠮᠵᠢᠶ᠎ᠡ ᠪᠠᠨ | ᠳᠡᠭᠡᠭᠰᠢᠯᠡᠭᠦᠯᠵᠦ᠂ ᠪᠤᠰᠤᠳᠴᠢ ᠪᠣᠳᠠᠲᠤ ᠪᠠᠶᠢᠳᠠᠯ ᠢ ᠦᠨᠳᠦᠰᠦᠯᠡᠨ᠂ ᠨᠠᠷᠢᠨ ᠨᠢᠭᠲᠠ ᠰᠤᠳᠤᠯᠤᠨ ᠮᠠᠭᠠᠳᠯᠠᠵᠤ᠂ | ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠠᠵᠢᠯ ᠤᠨ ᠦᠷ᠎ᠡ | ᠪᠦᠲᠦᠮᠵᠢ ᠪᠠᠨ ᠦᠨᠡᠨ ᠬᠦ ᠳᠡᠭᠡᠭᠰᠢᠯᠡᠭᠦᠯᠵᠦ᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠵᠤ᠂ | ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠪᠣᠳᠠᠲᠠᠢ ᠳᠤ ᠨᠠᠶᠢᠳᠠᠪᠤᠷᠢᠵᠢᠭᠤᠯᠤᠭᠳᠠᠵᠤ ᠦᠷ᠎ᠡ ᠪᠦᠲᠦᠮᠵᠢ | ᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠠᠵᠢᠯ ᠤᠨ | ᠰᠤᠷᠲᠠᠯ ᠢᠶᠠᠨ ᠪᠦᠬᠦ ᠲᠠᠯ᠎ᠠ ᠪᠠᠷ ᠰᠠᠶᠢᠵᠢᠷᠠᠭᠤᠯᠵᠤ᠂ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ | ᠰᠢᠰᠲ᠋ᠧᠮ ᠲᠠᠢ ᠲᠥᠯᠥᠪᠵᠢᠭᠦᠯᠬᠦ ᠶᠢ ᠪᠠᠷᠢᠮᠲᠠᠯᠠᠵᠤ᠂ ᠠᠵᠢᠯ ᠤᠨ ᠰᠤᠷᠲᠠᠯ ᠢᠶᠠᠨ ᠴᠢᠩᠭᠠᠳᠬᠠᠵᠤ᠂ ᠪᠠᠷᠢᠮᠵᠢᠶ᠎ᠠ ᠲᠠᠢ | ᠨᠡᠶᠢᠴᠡᠭᠦᠯᠵᠦ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ︽ | ᠲᠥᠷᠦ ᠭᠦᠷᠦᠨ ᠤ ᠶᠡᠭᠡ ᠶᠠᠪᠣᠳᠠᠯ︾ ᠤᠨ ᠦᠨᠳᠦᠷᠴᠡ ᠠᠴᠠ ᠣᠷᠴᠢᠨ ᠲᠣᠭᠤᠷᠢᠨ ᠤ ᠬᠠᠮᠠᠭᠠᠯᠠᠯᠲᠠ ᠶᠢ | ᠰᠢᠮᠳᠠᠭᠤᠯᠤᠨ ᠪᠠᠶᠢᠴᠠᠭᠠᠬᠤ ᠠᠵᠢᠯ ᠢ ᠯᠠᠪᠳᠠᠭᠤᠨ ᠪᠠᠲᠣᠲᠠᠢ ᠴᠢᠬᠤᠯᠠᠴᠢᠯᠠᠨ ᠰᠠᠶᠢᠲᠤᠷ ᠠᠳᠬᠤᠵᠤ᠂ ᠨᠠᠷᠢᠨ | ᠲᠠᠩᠰᠠ ᠶᠢ ᠲᠤᠰᠢᠶᠠᠨ ᠰᠢᠢᠳᠪᠦᠷᠢᠯᠡᠭᠦᠯᠬᠦ᠂ ᠤᠳᠤᠷᠢᠳᠤᠯᠭ᠎ᠠ ᠬᠡᠷᠡᠭ ᠢ ᠳᠠᠭᠠᠭᠠᠴᠢᠯᠠᠬᠤ᠂ ᠲᠤᠬᠠᠢ ᠶᠢᠨ ᠭᠠᠵᠠᠷ ᠲᠤᠨᠢ | ᠪᠠᠶᠢᠴᠠᠭᠠᠬᠤ᠂ ᠱᠠᠭᠠᠷᠳᠠᠨ ᠪᠠᠶᠢᠴᠠᠭᠠᠵᠤ ᠮᠡᠳᠡᠭᠡᠯᠡᠬᠦ᠂ ᠰᠢᠢᠳᠪᠦᠷᠢᠯᠡᠵᠦ ᠳᠠᠭᠤᠰᠬᠠᠬᠤ ᠴᠡᠭᠴᠡᠯᠡᠨ ᠰᠠᠶᠢᠵᠢᠷᠠᠭᠤᠯᠬᠤ | ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠨᠢᠭᠡᠨᠲᠡ ᠪᠡᠶᠡᠯᠡᠭᠦᠯᠦᠭᠰᠡᠨ ᠲᠤᠰᠢᠶᠠᠨ | ᠰᠢᠢᠳᠪᠦᠷᠢᠯᠡᠭᠦᠯᠦᠭᠰᠡᠨ ᠠᠰᠠᠭᠤᠳᠠᠯ ᠢ ᠮᠥᠷᠳᠡᠬᠦ ᠶᠢ ᠴᠢᠩᠭᠠᠳᠬᠠᠵᠤ᠂ ᠲᠠᠬᠢᠨ ᠡᠭᠦᠰᠬᠦ ᠶᠢ ᠴᠢᠩᠭ᠎ᠠ ᠰᠡᠷᠭᠡᠶᠢᠯᠡᠬᠦ | ᠬᠡᠷᠡᠭᠲᠡᠢ︔ ᠰᠢᠢᠳᠪᠦᠷᠢᠯᠡᠵᠦ ᠳᠠᠭᠤᠰᠤᠭᠠᠳᠤᠢ ᠠᠰᠠᠭᠤᠳᠠᠯ ᠢ ᠴᠢᠩᠭ᠎ᠠ ᠠᠩᠬᠠᠷᠴᠤ᠂ ᠱᠠᠭᠠᠷᠳᠠᠨ ᠪᠠᠶᠢᠴᠠᠭᠠᠬᠤ ᠶᠢ | ᠴᠢᠩᠭᠠᠷᠠᠭᠤᠯᠤᠨ᠂ ᠴᠡᠭᠴᠡᠯᠡᠨ ᠰᠠᠶᠢᠵᠢᠷᠠᠭᠤᠯᠬᠤ ᠶᠢ ᠡᠴᠦᠰ ᠲᠤᠨᠢ ᠲᠤᠯᠲᠠᠯ᠎ᠠ ᠬᠢᠵᠦ᠂ ᠠᠰᠠᠭᠤᠳᠠᠯ ᠢ ᠨᠢᠭᠡ ᠶᠢ ᠴᠦ | ᠣᠷᠬᠢᠭᠳᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠣᠯᠪᠠ᠃ |