| 6 ᠰᠠᠷ᠎ᠠ ᠶᠢᠨ 25 ᠤ ᠡᠳᠦᠷ᠂ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ | ᠲᠥᠪᠰᠢᠨ ᠪᠠ ᠮᠡᠳᠡᠭᠡ ᠵᠠᠩᠬᠢᠴᠢᠯᠠᠯᠲᠠ ᠶᠢᠨ ᠠᠯᠪᠠᠨ ᠭᠡᠷ ᠤᠨ ᠳᠡᠳ᠋ ᠡᠷᠬᠢᠯᠡᠭᠴᠢ ᠯᠢᠦ ᠵᠢᠶᠠᠨ ᠱᠧᠩ ᠬᠠᠮᠲᠤ | ᠶᠠᠪᠣᠭᠰᠠᠳ ᠲᠠᠢ ᠪᠠᠨ ᠵᠠᠷᠤᠳ ᠬᠤᠰᠢᠭᠤᠨ ᠳᠤ ᠢᠷᠡᠵᠦ ᠰᠦᠯᠵᠢᠶᠡᠨ ᠤ ᠠᠮᠤᠷ ᠲᠦᠪᠰᠢᠨ ᠢ ᠪᠠᠶᠢᠴᠠᠭᠠᠪᠠ᠃ | ᠬᠤᠲᠠ ᠶᠢᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠥᠪᠰᠢᠨ ᠪᠠ ᠮᠡᠳᠡᠭᠡ ᠵᠠᠩᠬᠢᠴᠢᠯᠠᠯᠲᠠ ᠶᠢᠨ ᠠᠯᠪᠠᠨ | ᠭᠡᠷ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠮᠡᠷᠭᠡᠵᠢᠯ ᠢᠶᠠᠷ ᠴᠠᠭᠳᠠᠨ ᠪᠠᠶᠢᠴᠠᠭᠠᠬᠤ ︵ | ᠰᠦᠯᠵᠢᠶᠡᠨ ᠤ ᠠᠮᠤᠷ ᠲᠦᠪᠰᠢᠨ︶ ᠰᠠᠯᠪᠤᠷᠢ ᠠᠩᠭᠢ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠬᠠᠮᠢᠶ᠎ᠠ ᠪᠥᠬᠦᠶ | ᠬᠠᠷᠢᠭᠤᠴᠠᠯᠭᠠᠲᠠᠨ᠂ ᠸᠠᠩ ᡁᠢ ᠺᠣᠮᠫᠠᠨᠢ ᠶᠢᠨ ᠠᠵᠢᠯᠲᠠᠳ ᠬᠠᠮᠲᠤ ᠪᠠᠶᠢᠴᠠᠭᠠᠪᠠ᠃ ᠬᠤᠰᠢᠭᠤᠨ ᠤ ᠨᠠᠮ ᠤᠨ | ᠬᠤᠷᠢᠶ᠎ᠠ ᠶᠢᠨ ᠰᠦᠯᠵᠢᠶᠡᠨ ᠤ ᠠᠮᠤᠷ ᠲᠥᠪᠰᠢᠨ ᠪᠠ ᠮᠡᠳᠡᠭᠡ ᠵᠠᠩᠬᠢᠴᠢᠯᠠᠯᠲᠠ ᠶᠢᠨ ᠠᠯᠪᠠᠨ ᠭᠡᠷ᠂ ᠬᠤᠰᠢᠭᠤᠨ ᠤ | ᠬᠠᠮ ᠵᠠᠭᠤᠴᠢᠯᠠᠭᠤᠷ ᠤᠨ ᠲᠥᠪ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠬᠤᠰᠢᠭᠤᠨ ᠤ ᠲᠣᠭᠲᠠᠮᠠᠯ | ᠬᠥᠷᠥᠩᠭᠡ ᠶᠢ ᠳᠡᠩᠰᠡᠯᠡᠨ ᠲᠡᠮᠳᠡᠭᠯᠡᠬᠦ ᠲᠥᠪ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠪᠠ᠃ | ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ᠂ | ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠬᠤᠰᠢᠭᠤᠨ ᠤ ᠲᠣᠭᠲᠠᠮᠠᠯ ᠬᠥᠷᠥᠩᠭᠡ ᠶᠢ ᠳᠡᠩᠰᠡᠯᠡᠨ | ᠲᠡᠮᠳᠡᠭᠯᠡᠬᠦ ᠲᠥᠪ ᠵᠡᠷᠭᠡ ᠭᠠᠵᠠᠷ ᠲᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠬᠤ᠂ ᠠᠬᠤᠢ ᠲᠠᠯᠠᠪᠠᠢ ᠳᠤ | ᠠᠰᠠᠭᠤᠨ ᠯᠠᠪᠯᠠᠬᠤ᠂ ᠠᠬᠤᠢ ᠲᠠᠯᠠᠪᠠᠢ ᠳᠤ ᠮᠡᠷᠭᠡᠵᠢᠯ ᠢᠶᠠᠷ ᠪᠠᠶᠢᠴᠠᠭᠠᠨ ᠰᠢᠯᠭᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠨ᠂ ᠡᠯ᠎ᠡ ᠨᠢᠭᠡᠴᠡ ᠶᠢᠨ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ | ᠨᠠᠶᠢᠳᠠᠪᠤᠷᠢᠵᠢᠭᠤᠯᠤᠭᠰᠠᠨ ᠪᠠᠶᠢᠳᠠᠯ᠂ ᠰᠦᠯᠵᠢᠶᠡᠨ ᠥᠷᠲᠡᠭᠡ ᠪᠠ ᠴᠢᠬᠤᠯᠠ ᠮᠡᠳᠡᠭᠡ ᠵᠠᠩᠭᠢ ᠶᠢᠨ ᠰᠢᠰᠲ᠋ᠧᠮ᠂ | ᠲᠤᠭ᠎ᠠ ᠪᠠᠷᠢᠮᠲᠠ ᠶᠢᠨ ᠬᠥᠮᠥᠷᠭᠡ ᠵᠡᠷᠭᠡ ᠶᠢ ᠨᠠᠷᠢᠨ ᠣᠶᠢᠯᠠᠭᠠᠵᠤ᠂ ᠣᠷᠣᠰᠢᠵᠤ ᠪᠠᠶᠢᠭ᠎ᠠ ᠰᠦᠯᠵᠢᠶᠡᠨ ᠤ ᠠᠮᠤᠷ | ᠲᠦᠪᠰᠢᠨ ᠤ ᠳᠠᠯᠳᠠ ᠬᠡᠮ ᠪᠠ ᠲᠦᠭᠰᠢᠭᠦᠷᠢ ᠶᠢ ᠡᠷᠢᠵᠦ᠂ ᠰᠠᠶᠢᠵᠢᠷᠠᠭᠤᠯᠬᠤ ᠰᠠᠨᠠᠭᠤᠯᠭ᠎ᠠ ᠳᠤᠷᠠᠳᠪᠠ᠃ | ᠪᠠᠶᠢᠴᠠᠭᠠᠬᠤ ᠳᠤᠭᠤᠶᠢᠯᠠᠩ ᠠᠴᠠ᠂ ᠡᠯ᠎ᠡ ᠬᠠᠮᠢᠶ᠎ᠠ ᠪᠥᠬᠦᠶ ᠭᠤᠤᠯ ᠴᠣᠭᠴᠠ ᠶᠢᠨ ᠨᠢᠭᠡᠴᠡ ᠬᠢᠨ ᠰᠦᠯᠵᠢᠶ᠎ᠡ᠂ | ᠲᠤᠭ᠎ᠠ ᠪᠠᠷᠢᠮᠲᠠ ᠶᠢᠨ ᠠᠮᠤᠷ ᠲᠦᠪᠰᠢᠨ ᠤ ᠦᠵᠡᠯ ᠤᠬᠠᠮᠰᠠᠷ ᠪᠠ ᠰᠡᠷᠭᠡᠶᠢᠯᠡᠨ ᠬᠠᠮᠠᠭᠠᠯᠠᠬᠤ ᠬᠢᠷᠢ ᠲᠦᠪᠰᠢᠨ ᠢᠶᠠᠨ | ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ | ᠵᠠᠩᠭᠢᠴᠢᠯᠠᠯᠲᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ | ᠰᠤᠷᠤᠯᠴᠠᠨ ᠲᠤᠤᠱᠯᠠᠭᠤᠯᠵᠤ᠂ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠴᠢᠬᠤᠯᠠ ᠴᠢᠨᠠᠷ ᠢ ᠭᠦᠢᠴᠡᠳ | ᠲᠠᠨᠢᠵᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠣᠳᠬᠠᠵᠤ᠂ ᠰᠠᠨᠠᠭᠠᠰᠢᠷᠠᠨ ᠵᠣᠪᠠᠨᠢᠬᠤ | ᠦᠵᠡᠯ ᠤᠬᠠᠮᠰᠠᠷ ᠢᠶᠠᠨ ᠴᠢᠩᠭᠠᠳᠬᠠᠬᠤ ᠬᠡᠷᠡᠭᠲᠡᠶ᠃ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ᠂ | ᠲᠠᠯᠠᠪᠤᠷ ᠭᠠᠵᠠᠷ ᠤᠨ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠡᠯ᠎ᠡ ᠲᠥᠷᠥᠯ ᠤᠨ | ᠠᠮᠤᠷ ᠲᠦᠪᠰᠢᠨ ᠤ ᠳᠠᠯᠳᠠ ᠭᠡᠮ ᠢ ᠬᠢᠨᠠᠮᠠᠭᠠᠶ ᠵᠢᠭᠰᠠᠭᠠᠨ ᠪᠠᠶᠢᠴᠠᠭᠠᠬᠤ ᠶᠢᠨ ᠬᠠᠮᠲᠤ ᠠᠷᠢᠯᠭᠠᠵᠤ᠂ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠴᠢᠬᠤᠯᠠ ᠲᠣᠤᠷ ᠰᠦᠯᠵᠢᠶ᠎ᠡ ᠪᠠ ᠴᠢᠬᠤᠯᠠ | ᠮᠡᠳᠡᠭᠡ ᠵᠠᠩᠭᠢ ᠶᠢᠨ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠶ ᠭᠡᠵᠦ | ᠴᠢᠬᠤᠯᠠᠴᠢᠯᠠᠪᠠ᠃ |